ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠳᠠᠷᠤᠮᠯᠠᠨ ᠲᠠᠷᠬᠠᠭᠠᠭᠰᠠᠨ《 ᠵᠢᠤ ᠶᠤᠸᠠᠨ ᠲᠣᠭᠤᠷᠢᠭ ᠤᠨ〈ᠵᠢᠵᠢᠭ ᠮᠥᠷᠲᠡᠭᠡᠨ ᠭᠤᠶᠣ〉ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ》᠎ ᠤᠨ ᠲᠤᠬᠠᠢ ᠮᠡᠳᠡᠭᠳᠡᠯ ︵ᠨᠢᠭᠡ︶
ᠨᠡᠶᠢᠲᠡᠯᠡᠭᠰᠡᠨ ᠴᠠᠭ᠄
2022/9/13
ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠳᠤ᠄      ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠢᠦ ᠶᠤᠸᠠᠨ ᠲᠣᠭᠤᠷᠢᠭ ᠎ ᠤᠨ〈ᠵᠢᠵᠢᠭ ᠮᠥᠷᠲᠡᠭᠡᠨ ᠭᠤᠶᠣ〉ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                             ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ                               2022ᠤᠨ ᠤ 9 ᠰᠠᠷ᠎ᠠ ᠶᠢᠨ13᠎ ᠤ ᠡᠳᠦᠷᠵᠢᠤ ᠶᠤᠸᠠᠨ ᠲᠣᠭᠤᠷᠢᠭ ᠤᠨ〈ᠵᠢᠵᠢᠭ ᠮᠥᠷᠲᠡᠭᠡᠨ ᠭᠤᠶᠣ〉ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾᠎ ᠳᠤ ︽ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ︾ ᠱᠠᠭᠠᠷᠳᠠᠯᠭ᠎ᠠ ᠶᠢ ᠳᠤᠷᠠᠳᠤᠨ ᠭᠠᠷᠭᠠᠭᠰᠠᠨ ᠪᠥᠭᠡᠳ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ︽ᠤᠯᠤᠰ ᠤᠨ ᠣᠯᠠᠨ ᠨᠡᠶᠢᠲᠡ ᠶᠢᠨ ᠦᠨᠳᠦᠰᠦᠨ  ᠦᠢᠯᠡᠴᠢᠯᠡᠭᠡᠨ ᠤ ᠪᠠᠷᠢᠮᠵᠢᠶ᠎ᠠ ︵2021 ᠣᠨ ᠤ ᠬᠡᠪᠯᠡᠯ︶︾ ᠬᠢᠭᠡᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ︽ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠰᠠᠨᠠᠯ︾ ︽ᠠᠷᠪᠠᠨ ᠳᠥᠷᠪᠡᠳᠦᠭᠡᠷ ᠲᠠᠪᠤᠨ ᠵᠢᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ︾᠎ ᠳᠤ᠂ ᠣᠯᠠᠨ ᠨᠡᠶᠢᠲᠡ ᠶᠢᠨ ᠦᠨᠳᠦᠰᠦᠨ ᠰᠣᠶᠣᠯ ᠤᠨ ᠦᠢᠯᠡᠴᠢᠯᠡᠭᠡᠨ ᠤ ᠴᠢᠬᠤᠯᠠ ᠠᠭᠤᠯᠭ᠎ᠠ ᠶᠢ ᠲᠣᠳᠣᠷᠬᠠᠶᠢᠯᠠᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠣᠷᠣᠨ ᠵᠠᠶ ᠶᠢ ᠰᠢᠨ᠎ᠡ ᠶᠢ ᠡᠭᠦᠳᠦᠨ ᠥᠷᠭᠡᠳᠬᠡᠬᠦ ᠶᠢ ᠴᠢᠬᠤᠯᠠ ᠡᠭᠦᠷᠭᠡ ᠬᠠᠷᠠᠯᠲᠠ ᠳᠠᠭᠠᠨ ᠣᠷᠣᠭᠤᠯᠪᠠ᠃ ᠪᠤᠭᠤᠲᠤ ᠬᠤᠲᠠ ᠶᠢᠨ 2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ〈 ᠵᠢᠵᠢᠭ ᠮᠥᠷᠲᠡᠭᠡᠨ ᠭᠤᠶᠣ 〉〈ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ〉᠎ ᠶᠢ ᠪᠥᠲᠥᠭᠡᠨ ᠪᠠᠶᠢᠭᠤᠯᠬᠤ ᠡᠭᠦᠷᠭᠡ ᠶᠢ ᠦᠨᠡᠨ ᠬᠦ ᠲᠤᠤᠱᠯᠠᠭᠤᠯᠤᠨ ᠬᠡᠷᠡᠭᠵᠢᠭᠦᠯᠬᠦ ᠶᠢᠨ ᠲᠥᠯᠥᠭᠡ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ ᠨᠢᠭᠡ᠂ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ︾᠂ ︽ᠣᠯᠠᠨ ᠨᠡᠶᠢᠲᠡ ᠶᠢᠨ ᠨᠣᠮ ᠤᠨ ᠰᠠᠩ ᠤᠨ ᠬᠠᠤᠯᠢ︾᠎ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ︽ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠬᠠᠮᠢᠶᠠᠷᠤᠯᠲᠠ ᠶᠢᠨ ᠠᠷᠭ᠎ᠠ︾ ︽ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠤᠯᠲᠠ ᠶᠣᠰᠣᠭᠠᠷ᠂ᠵᠢᠤ ᠶᠤᠸᠠᠨ ᠲᠣᠭᠤᠷᠢᠭ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠪᠣᠯᠭᠠᠵᠤ᠂ ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢᠨ ᠪᠠᠶᠢᠭᠤᠯᠤᠯᠲᠠ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠶᠠᠰᠤ ᠴᠢᠨᠠᠷ ᠬᠢᠭᠡᠳ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠩ ᠣᠯᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠨ᠂ ᠬᠤᠲᠠ ᠶᠢᠨ ᠰᠣᠶᠣᠯ ᠤᠨ ᠴᠢᠨᠠᠷ ᠳᠡᠰ ᠢ ᠳᠡᠭᠡᠭᠰᠢᠯᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠣᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠶ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号