ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠳᠠᠷᠤᠮᠯᠠᠨ ᠲᠠᠷᠬᠠᠭᠠᠭᠰᠠᠨ《 ᠵᠢᠤ ᠶᠤᠸᠠᠨ ᠲᠣᠭᠤᠷᠢᠭ ᠤᠨ〈ᠵᠢᠵᠢᠭ ᠮᠥᠷᠲᠡᠭᠡᠨ ᠭᠤᠶᠣ〉ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ》᠎ ᠤᠨ ᠲᠤᠬᠠᠢ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2022/9/13
      ᠭᠤᠷᠪᠠ᠂ ᠦᠨᠳᠦᠰᠦᠨ ᠵᠠᠷᠴᠢᠮ      ︽ᠬᠡᠪᠴᠢᠶ᠎ᠡ ᠨᠢ ᠵᠣᠬᠢᠰᠲᠠᠶ᠂ ᠪᠠᠶᠢᠷᠢᠰᠢᠯ ᠨᠢ ᠰᠢᠨᠵᠢᠯᠡᠬᠦ ᠤᠬᠠᠭᠠᠨᠴᠢ︔ ᠥᠪᠡᠷᠮᠢᠴᠡ ᠣᠨᠴᠠᠯᠢᠭ ᠲᠠᠢ᠂ ᠴᠢᠨᠠᠷ ᠴᠢᠨᠰᠠᠭ᠎ᠠ ᠲᠠᠢ᠂ ᠵᠢᠵᠢᠭ ᠮᠥᠷᠲᠡᠭᠡᠨ ᠭᠤᠶᠣ᠂ ᠲᠠᠭᠠᠯᠠᠮᠵᠢᠲᠠᠶ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠤᠯᠠᠨ ᠡᠰᠢᠵᠢᠵᠦ᠂ ᠭᠤᠣᠯ ᠰᠡᠳᠦᠪ ᠨᠢ ᠢᠯᠡ ᠲᠣᠳᠣ᠂ ᠰᠢᠭᠢᠳᠬᠡᠯ ᠬᠡᠯᠪᠡᠷᠢ ᠲᠠᠢ︔ ᠨᠡᠶᠢᠭᠡᠮ ᠤᠨ ᠬᠦᠴᠦᠨ ᠤ ᠣᠯᠠᠨ ᠲᠦᠮᠡᠨ ᠤ ᠠᠮᠢᠳᠤᠷᠠᠯ ᠳᠤ ᠣᠷᠣᠯᠴᠠᠬᠤ᠂ ᠣᠯᠠᠨ ᠲᠦᠮᠡᠨ ᠤ ᠠᠮᠢᠳᠤᠷᠠᠯ ᠳᠤ ᠠᠭᠤᠰᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠬᠤ︾ ᠣᠶᠢᠯᠠᠭᠠᠭᠳᠠᠬᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠳᠣᠪᠤᠶᠢᠯᠭᠠᠬᠤ ᠪᠠ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠤᠷᠢᠲᠠᠯ ᠪᠣᠯᠭᠠᠵᠤ᠂ ᠥᠪᠡᠷ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠲᠥᠯᠥᠪᠯᠡᠬᠦ ᠶᠢ ᠴᠢᠬᠤᠯᠠᠴᠢᠯᠠᠬᠤ︾ ︽ᠲᠥᠯᠥᠪᠯᠡᠬᠦ ᠶᠢ ᠴᠢᠬᠤᠯᠠᠴᠢᠯᠠᠬᠤ︾ ᠪᠠ ︽ᠪᠢᠴᠢᠯ ᠥᠭᠡᠷᠡᠴᠢᠯᠡᠯᠲᠡ︾ ︽ᠪᠢᠴᠢᠯ ᠰᠢᠨᠡᠴᠢᠯᠡᠯᠲᠡ︾᠎ ᠶᠢᠨ ᠠᠷᠭ᠎ᠠ ᠮᠠᠶ᠋ᠢᠭ ᠢ ᠠᠪᠴᠤ᠂ ᠦᠯᠡᠳᠡᠭᠡᠯ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠨᠢᠭᠡᠨᠲᠡ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠦᠶ ᠵᠣᠬᠢᠰᠲᠠᠶ ᠪᠠᠷ ᠰᠢᠨ᠎ᠡ ᠶᠢ ᠡᠭᠦᠳᠦᠨ᠂ ᠣᠨᠴᠠᠯᠢᠭ ᠢ ᠳᠣᠪᠤᠶᠢᠯᠭᠠᠵᠤ᠂ ︽ᠨᠢᠭᠡ ᠶᠢ ᠪᠠᠶᠢᠭᠤᠯᠪᠠᠯ ᠨᠢᠭᠡ ᠶᠢ ᠪᠦᠷᠢᠯᠳᠦᠭᠦᠯᠬᠦ︾ ᠵᠠᠷᠴᠢᠮ ᠶᠣᠰᠣᠭᠠᠷ᠂ ᠠᠭᠤᠯᠤᠭᠳᠠᠬᠤᠨ ᠢ ᠳᠡᠭᠡᠭᠰᠢᠯᠡᠭᠦᠯᠬᠦ᠂ ᠴᠢᠳᠠᠮᠵᠢ ᠶᠢ ᠴᠢᠩᠭᠠᠷᠠᠭᠤᠯᠬᠤ ᠪᠠᠷ ᠳᠠᠮᠵᠢᠭᠤᠯᠤᠨ᠂ ︽ᠴᠢᠳᠠᠮᠵᠢ ᠶᠢᠨ ᠦᠢᠯᠡᠴᠢᠯᠡᠭᠡ ᠰᠢᠨ᠎ᠡ᠂ ᠬᠠᠮᠢᠶᠠᠷᠤᠯᠲᠠ ᠶᠢᠨ ᠠᠷᠭ᠎ᠠ ᠮᠠᠶ᠋ᠢᠭ ᠰᠢᠨ᠎ᠡ᠂ ᠡᠵᠡᠩᠨᠡᠯᠲᠡ ᠶᠢᠨ ᠭᠤᠤᠯ ᠴᠣᠭᠴᠠ ᠰᠢᠨ᠎ᠡ︾ ︽ᠰᠢᠨ᠎ᠡ ᠬᠡᠯᠪᠡᠷᠢ ᠶᠢᠨ ᠰᠣᠶᠣᠯ ᠤᠨ ᠣᠷᠣᠨ ᠵᠠᠶ︾᠎ ᠶᠢ ᠪᠠᠶᠢᠭᠤᠯᠵᠤ᠂ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠᠬᠢ ᠣᠯᠠᠨ ᠨᠡᠶᠢᠲᠡ ᠶᠢᠨ ᠰᠣᠶᠣᠯ ᠤᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号