ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠳᠠᠷᠤᠮᠯᠠᠨ ᠲᠠᠷᠬᠠᠭᠠᠭᠰᠠᠨ《 ᠵᠢᠤ ᠶᠤᠸᠠᠨ ᠲᠣᠭᠤᠷᠢᠭ ᠤᠨ〈ᠵᠢᠵᠢᠭ ᠮᠥᠷᠲᠡᠭᠡᠨ ᠭᠤᠶᠣ〉ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ》᠎ ᠤᠨ ᠲᠤᠬᠠᠢ ᠮᠡᠳᠡᠭᠳᠡᠯ ︵ᠳᠣᠯᠤᠭ᠎ᠠ︶
ᠨᠡᠶᠢᠲᠡᠯᠡᠭᠰᠡᠨ ᠴᠠᠭ᠄
2022/9/13
    ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠣᠭᠤᠷᠢᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠᠷ ᠲᠦᠷᠦᠭᠦᠯᠡᠭᠦᠯᠦᠭᠰᠡᠨ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠵᠢᠯ ᠬᠤᠪᠢᠶᠠᠷᠢᠯᠠᠨ ᠬᠠᠷᠢᠭᠤᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃    ︵ᠬᠤᠶᠠᠷ︶ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠴᠢᠩᠭᠠᠳᠬᠠᠨ᠎ᠠ᠃ ︽ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠢ︾᠎ ᠨᠢ ᠰᠢᠯᠢᠳᠡᠭ ᠵᠢᠱᠢᠶ᠎ᠡ ᠦᠵᠡᠭᠦᠯᠬᠦ ᠴᠡᠭ ᠤᠨ ᠪᠡᠶ᠎ᠡ ᠶᠢᠨ ᠭᠠᠷᠤᠯ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠵᠢᠯᠲᠠ ᠲᠠᠢ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠵᠦ ᠂ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠤᠯᠠᠨ ᠲᠦᠮᠡᠨ ᠤ ᠬᠠᠨᠤᠮᠵᠢᠲᠠᠢ ᠢᠨᠵᠧᠨᠧᠷᠢᠩ ᠢ ᠪᠠᠶᠢᠭᠤᠯᠬᠤ ᠬᠡᠷᠡᠭᠲᠡᠢ᠃    ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠤᠯᠠᠨ ᠵᠦᠢᠯ ᠤᠨ ᠲᠠᠪᠴᠠᠩ ᠪᠠ ᠠᠷᠭ᠎ᠠ ᠪᠠᠷᠢᠯ ᠢ ᠠᠰᠢᠭᠯᠠᠨ᠂ ︽ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ︾᠎ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠪᠦᠳᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠵᠤ᠂ ᠥᠷᠭᠡᠨ ᠤᠯᠠᠨ ᠠᠷᠠᠳ ᠲᠦᠮᠡᠨ ᠤ ᠮᠡᠳᠡᠬᠦ ᠨᠤᠷᠮ᠎ᠠ ᠪᠠ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号