ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠳᠠᠷᠤᠮᠯᠠᠨ ᠲᠠᠷᠬᠠᠭᠠᠭᠰᠠᠨ《 ᠵᠢᠤ ᠶᠤᠸᠠᠨ ᠲᠣᠭᠤᠷᠢᠭ ᠤᠨ〈ᠵᠢᠵᠢᠭ ᠮᠥᠷᠲᠡᠭᠡᠨ ᠭᠤᠶᠣ〉ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ》 ᠤᠨ ᠲᠤᠬᠠᠢ ᠮᠡᠳᠡᠭᠳᠡᠯ ︵ᠬᠤᠶᠠᠷ︶
ᠨᠡᠶᠢᠲᠡᠯᠡᠭᠰᠡᠨ ᠴᠠᠭ᠄
2022/9/13
ᠬᠤᠶᠠᠷ᠂ ᠬᠠᠷᠠᠯᠲᠠ ᠶᠢᠨ ᠡᠭᠦᠷᠭᠡ      2022 ᠣᠨ ᠳᠤ᠂ ᠨᠡᠶᠢᠭᠡᠮ ᠤᠨ ᠬᠦᠴᠦᠨ ᠤ ᠣᠷᠣᠯᠴᠠᠭᠰᠠᠨ᠂ ᠤᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠦᠭᠰᠡᠨ᠂ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠭᠰᠡᠨ᠂ ᠡᠵᠡᠩᠨᠡᠯᠲᠡ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ᠂ ᠰᠢᠨ᠎ᠡ ᠬᠡᠷᠡᠭᠴᠡᠭᠡ ᠱᠠᠭᠠᠷᠳᠠᠯᠭ᠎ᠠ ᠰᠢᠨ᠎ᠡ ᠬᠠᠨᠳᠤᠰᠢ ᠰᠢᠨ᠎ᠡ ᠤᠢᠢᠯᠠᠭᠠᠭᠳᠠᠬᠤᠨ ᠢ ᠢᠯᠡᠷᠡᠭᠦᠯᠦᠭᠰᠡᠨ ︽ᠰᠢᠨ᠎ᠡ ᠬᠡᠯᠪᠡᠷᠢ ᠶᠢᠨ ᠰᠣᠶᠣᠯ ᠤᠨ ᠣᠷᠣᠨ ᠵᠠᠢ︾ ᠶᠢ ᠭᠤᠣᠯᠳᠠᠯᠭ᠎ᠠ ᠲᠠᠢ ᠴᠣᠭᠴᠠᠯᠠᠨ ᠪᠠᠶᠢᠭᠤᠯᠤᠨ᠎ᠠ᠃ ᠲᠣᠭᠤᠷᠢᠭ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠭᠤᠯᠳᠤ ᠪᠠᠷ ᠨᠡᠪᠲᠡᠷᠡᠭᠰᠡᠨ᠂ ᠬᠥᠨᠳᠡᠯᠡᠨ ᠢᠶᠠᠷ ᠬᠠᠷᠢᠯᠴᠠᠨ ᠬᠥᠳᠡᠯᠦᠯᠴᠡᠭᠰᠡᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠦᠨᠳᠦᠰᠦᠨ ᠱᠠᠳᠤ ᠲᠡᠶᠢᠰᠢ ᠤᠯᠠᠮ ᠨᠢᠭᠡ ᠠᠯᠬᠤᠮ ᠤᠷᠲᠤᠳᠬᠠᠬᠤ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠯᠳᠤᠭᠰᠠᠨ᠂ ᠬᠤᠳᠠ ᠶᠢᠨ ᠰᠢᠨᠡᠳᠬᠡᠨ ᠥᠷᠭᠡᠳᠬᠡᠬᠦ ᠯᠦᠭᠡ ᠵᠣᠬᠢᠴᠠᠯᠳᠤᠭᠰᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠵᠣᠬᠢᠴᠠᠯᠳᠤᠭᠰᠠᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃      ︵ᠨᠢᠭᠡ︶ ᠪᠣᠳᠠᠲᠠᠶ ᠪᠠᠶᠢᠭᠤᠯᠬᠤ ᠡᠲᠡᠭᠡᠳ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠣᠷᠣᠨ ᠵᠠᠶ᠂ ᠣᠯᠠᠨ ᠨᠡᠶᠢᠲᠡ ᠶᠢᠨ ᠤᠩᠰᠢᠯᠭ᠎ᠠ ᠶᠢᠨ ᠣᠷᠣᠨ ᠵᠠᠶ᠂ ᠬᠤᠳᠠᠯᠳᠤᠭᠠᠨ ᠤ ᠬᠦᠷᠢᠶᠡᠨ ᠤ ᠰᠣᠶᠣᠯ ᠤᠨ ᠣᠷᠣᠨ ᠵᠠᠶ᠂ ᠰᠣᠶᠣᠯ ᠤᠨ ᠦᠵᠡᠰᠬᠦᠯᠡᠩ ᠤᠨ ᠪᠤᠰᠤ ᠰᠣᠶᠣᠯ ᠤᠨ ᠥᠪ ᠤᠨ ᠤᠷᠠᠯᠢᠭ ᠤᠨ ᠣᠷᠣᠨ ᠵᠠᠶ᠂ ᠬᠢᠯᠢ ᠠᠯᠤᠰᠯᠠᠭᠰᠠᠨ ︵ᠠᠵᠤ ᠠᠬᠤᠶᠢᠯᠠᠯ︶ ᠰᠣᠶᠣᠯ ᠤᠨ ᠣᠷᠣᠨ ᠵᠠᠶ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠣᠶᠣᠯ ᠤᠨ ᠣᠷᠣᠨ ᠵᠠᠶ᠂ ᠵᠣᠴᠢᠳ ᠤᠨ ᠪᠠᠭᠤᠳᠠᠯ ᠪᠠᠭᠤᠳᠠᠯ ᠤᠨ ᠰᠣᠶᠣᠯ ᠤᠨ ᠣᠷᠣᠨ ᠵᠠᠶ᠃     ︵ᠬᠤᠶᠠᠷ︶ ᠪᠣᠳᠠᠲᠠᠶ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠃ ᠨᠣᠮ ᠪᠢᠴᠢᠭ ᠤᠨ ᠲᠦᠷᠦᠯ᠂ ᠤᠷᠠᠨ ᠪᠢᠴᠢᠯᠭᠡ ᠤᠷᠠᠨ ᠵᠢᠷᠤᠭ ᠤᠨ ᠱᠤᠭᠤᠮᠠᠯ ᠰᠣᠶᠣᠯ ᠦᠵᠡᠰᠬᠦᠯᠡᠩ ᠤᠨ ᠤᠷᠠᠯᠢᠭ ᠤᠨ ᠪᠦᠲᠦᠭᠡᠯ ᠤᠨ ᠦᠵᠡᠭᠦᠯᠦᠯᠭᠡ ᠶᠢᠨ ᠲᠦᠷᠦᠯ᠂ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠦᠵᠡᠰᠬᠦᠯᠡᠩ᠂ ᠲᠡᠦᠬᠡ ᠰᠣᠶᠣᠯ ᠠᠷᠠᠳ ᠤᠨ ᠵᠠᠩ ᠦᠢᠯᠡ ᠶᠢᠨ ᠦᠵᠡᠰᠬᠦᠯᠡᠩ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢᠨ ᠦᠵᠡᠭᠦᠯᠦᠯᠭᠡ᠂ ᠰᠣᠶᠣᠯ ᠤᠷᠠᠯᠢᠭ ᠤᠨ ᠲᠦᠷᠦᠯ᠃      ︵ᠭᠤᠷᠪᠠ︶ ᠪᠥᠳᠥᠭᠡᠨ ᠪᠠᠶᠢᠭᠤᠯᠤᠯᠲᠠ ᠶᠢᠨ ᠪᠣᠳᠠᠲᠠᠶ ᠡᠭᠦᠷᠭᠡ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠦᠨᠳᠦᠰᠦᠯᠡᠨ᠂ ᠮᠠᠨ ᠤ ᠲᠣᠭᠤᠷᠢᠭ 12 ︽ᠰᠢᠨ᠎ᠡ ᠬᠡᠯᠪᠡᠷᠢ ᠶᠢᠨ ᠰᠣᠶᠣᠯ ᠤᠨ ᠣᠷᠣᠨ ᠵᠠᠶ︾ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠪᠡ᠃ ︽︿ᠵᠢᠵᠢᠭ ᠮᠥᠷᠲᠡᠭᠡᠨ ᠭᠤᠶᠣ﹀ ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾ ᠢ ᠦᠨᠳᠦᠰᠦᠯᠡᠨ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠥᠪᠡᠷᠲᠡᠭᠡᠨ ᠭᠤᠶᠤᠴᠢᠯᠠᠨ ᠮᠡᠳᠡᠭᠦᠯᠬᠦ ᠪᠠ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠬᠢᠨᠠᠨ ᠬᠠᠷᠭᠤᠭᠤᠯᠤᠯᠲᠠ ᠪᠠᠷ ᠳᠡᠮᠵᠢᠨ᠂ ᠬᠠᠮᠤᠭ ᠡᠴᠦᠰ ᠲᠤ ᠪᠠᠶᠠᠨᠰᠢᠯᠢ ᠵᠡᠭᠡᠯᠢ ᠭᠤᠳᠤᠮᠵᠢ᠂ ᠱᠠ ᠾᠧ ᠵᠡᠭᠡᠯᠢ ᠭᠤᠳᠤᠮᠵᠢ᠂ ᠲᠣᠭᠤᠷᠢᠭ ᠤᠨ ᠨᠣᠮ ᠤᠨ ᠰᠠᠩ᠂ ᠲᠣᠭᠤᠷᠢᠭ ᠤᠨ ᠰᠣᠶᠣᠯ ᠤᠨ ᠣᠷᠳᠣᠨ ᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠬᠤᠪᠢ ᠪᠠᠷ ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢ ᠪᠠᠶᠢᠭᠤᠯᠬᠤ ᠶᠢ ᠬᠠᠷᠢᠭᠤᠴᠠᠨ᠎ᠠ ︵ᠳᠠᠭᠠᠯᠳᠤᠭᠤᠯᠤᠯ 1 ᠶᠢ ᠦᠵᠡᠭᠡᠷᠡᠶ︶᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号