ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠳᠠᠷᠤᠮᠯᠠᠨ ᠲᠠᠷᠬᠠᠭᠠᠭᠰᠠᠨ《 ᠵᠢᠤ ᠶᠤᠸᠠᠨ ᠲᠣᠭᠤᠷᠢᠭ ᠤᠨ〈ᠵᠢᠵᠢᠭ ᠮᠥᠷᠲᠡᠭᠡᠨ ᠭᠤᠶᠣ〉ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ》 ᠤᠨ ᠲᠤᠬᠠᠢ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2022/9/13
      ᠭᠤᠷᠪᠠ᠂ ᠦᠨᠳᠦᠰᠦᠨ ᠵᠠᠷᠴᠢᠮ      ︽ᠬᠡᠪᠴᠢᠶ᠎ᠡ ᠨᠢ ᠵᠣᠬᠢᠰᠲᠠᠶ᠂ ᠪᠠᠶᠢᠷᠢᠰᠢᠯ ᠨᠢ ᠰᠢᠨᠵᠢᠯᠡᠬᠦ ᠤᠬᠠᠭᠠᠨᠴᠢ︔ ᠥᠪᠡᠷᠮᠢᠴᠡ ᠣᠨᠴᠠᠯᠢᠭ ᠲᠠᠢ᠂ ᠴᠢᠨᠠᠷ ᠴᠢᠨᠰᠠᠭ᠎ᠠ ᠲᠠᠢ᠂ ᠵᠢᠵᠢᠭ ᠮᠥᠷᠲᠡᠭᠡᠨ ᠭᠤᠶᠣ᠂ ᠲᠠᠭᠠᠯᠠᠮᠵᠢᠲᠠᠶ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠤᠯᠠᠨ ᠡᠰᠢᠵᠢᠵᠦ᠂ ᠭᠤᠣᠯ ᠰᠡᠳᠦᠪ ᠨᠢ ᠢᠯᠡ ᠲᠣᠳᠣ᠂ ᠰᠢᠭᠢᠳᠬᠡᠯ ᠬᠡᠯᠪᠡᠷᠢ ᠲᠠᠢ︔ ᠨᠡᠶᠢᠭᠡᠮ ᠤᠨ ᠬᠦᠴᠦᠨ ᠤ ᠣᠯᠠᠨ ᠲᠦᠮᠡᠨ ᠤ ᠠᠮᠢᠳᠤᠷᠠᠯ ᠳᠤ ᠣᠷᠣᠯᠴᠠᠬᠤ᠂ ᠣᠯᠠᠨ ᠲᠦᠮᠡᠨ ᠤ ᠠᠮᠢᠳᠤᠷᠠᠯ ᠳᠤ ᠠᠭᠤᠰᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠬᠤ︾ ᠣᠶᠢᠯᠠᠭᠠᠭᠳᠠᠬᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠳᠣᠪᠤᠶᠢᠯᠭᠠᠬᠤ ᠪᠠ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠤᠷᠢᠲᠠᠯ ᠪᠣᠯᠭᠠᠵᠤ᠂ ᠥᠪᠡᠷ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠲᠥᠯᠥᠪᠯᠡᠬᠦ ᠶᠢ ᠴᠢᠬᠤᠯᠠᠴᠢᠯᠠᠬᠤ︾ ︽ᠲᠥᠯᠥᠪᠯᠡᠬᠦ ᠶᠢ ᠴᠢᠬᠤᠯᠠᠴᠢᠯᠠᠬᠤ︾ ᠪᠠ ︽ᠪᠢᠴᠢᠯ ᠥᠭᠡᠷᠡᠴᠢᠯᠡᠯᠲᠡ︾ ︽ᠪᠢᠴᠢᠯ ᠰᠢᠨᠡᠴᠢᠯᠡᠯᠲᠡ︾ ᠶᠢᠨ ᠠᠷᠭ᠎ᠠ ᠮᠠᠶ᠋ᠢᠭ ᠢ ᠠᠪᠴᠤ᠂ ᠦᠯᠡᠳᠡᠭᠡᠯ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠨᠢᠭᠡᠨᠲᠡ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠦᠶ ᠵᠣᠬᠢᠰᠲᠠᠶ ᠪᠠᠷ ᠰᠢᠨ᠎ᠡ ᠶᠢ ᠡᠭᠦᠳᠦᠨ᠂ ᠣᠨᠴᠠᠯᠢᠭ ᠢ ᠳᠣᠪᠤᠶᠢᠯᠭᠠᠵᠤ᠂ ︽ᠨᠢᠭᠡ ᠶᠢ ᠪᠠᠶᠢᠭᠤᠯᠪᠠᠯ ᠨᠢᠭᠡ ᠶᠢ ᠪᠦᠷᠢᠯᠳᠦᠭᠦᠯᠬᠦ︾ ᠵᠠᠷᠴᠢᠮ ᠶᠣᠰᠣᠭᠠᠷ᠂ ᠠᠭᠤᠯᠤᠭᠳᠠᠬᠤᠨ ᠢ ᠳᠡᠭᠡᠭᠰᠢᠯᠡᠭᠦᠯᠬᠦ᠂ ᠴᠢᠳᠠᠮᠵᠢ ᠶᠢ ᠴᠢᠩᠭᠠᠷᠠᠭᠤᠯᠬᠤ ᠪᠠᠷ ᠳᠠᠮᠵᠢᠭᠤᠯᠤᠨ᠂ ︽ᠴᠢᠳᠠᠮᠵᠢ ᠶᠢᠨ ᠦᠢᠯᠡᠴᠢᠯᠡᠭᠡ ᠰᠢᠨ᠎ᠡ᠂ ᠬᠠᠮᠢᠶᠠᠷᠤᠯᠲᠠ ᠶᠢᠨ ᠠᠷᠭ᠎ᠠ ᠮᠠᠶ᠋ᠢᠭ ᠰᠢᠨ᠎ᠡ᠂ ᠡᠵᠡᠩᠨᠡᠯᠲᠡ ᠶᠢᠨ ᠭᠤᠤᠯ ᠴᠣᠭᠴᠠ ᠰᠢᠨ᠎ᠡ︾ ︽ᠰᠢᠨ᠎ᠡ ᠬᠡᠯᠪᠡᠷᠢ ᠶᠢᠨ ᠰᠣᠶᠣᠯ ᠤᠨ ᠣᠷᠣᠨ ᠵᠠᠶ︾ ᠶᠢ ᠪᠠᠶᠢᠭᠤᠯᠵᠤ᠂ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠᠬᠢ ᠣᠯᠠᠨ ᠨᠡᠶᠢᠲᠡ ᠶᠢᠨ ᠰᠣᠶᠣᠯ ᠤᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号