ᠲᠠᠪᠤ᠂ ᠪᠥᠳᠥᠭᠡᠨ ᠪᠠᠶᠢᠭᠤᠯᠵᠤ ᠡᠵᠡᠩᠨᠡᠬᠦ | ︵ᠨᠢᠭᠡ︶ ᠴᠢᠳᠠᠮᠵᠢ ᠶᠢᠨ ᠪᠠᠶᠢᠷᠢ ᠲᠣᠭᠲᠠᠭᠠᠯᠲᠠ᠃ ︽ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ︾ | ᠭᠡᠳᠡᠭ ᠨᠢ ︽ᠪᠠᠭ᠎ᠠ ᠮᠥᠷᠲᠡᠭᠡᠨ ᠰᠠᠶᠢᠬᠠᠨ︾᠂ ︽ᠪᠠᠭ᠎ᠠ ᠮᠥᠷᠲᠡᠭᠡᠨ ᠴᠢᠨᠠᠷᠲᠠᠶ︾ ᠪᠠᠶᠢᠬᠤ ᠵᠠᠷᠴᠢᠮ ᠤᠨ ᠶᠣᠰᠣᠭᠠᠷ | ᠂ ︽2+X︾ ᠪᠠᠶᠢᠬᠤ ᠵᠠᠭᠪᠤᠷ ᠢ ᠬᠡᠷᠡᠭᠯᠡᠨ᠎ᠡ᠂ ︽2︾ ᠭᠡᠳᠡᠭ ᠨᠢ ᠨᠠᠭᠠᠳᠤ ᠵᠠᠬ᠎ᠠ ᠳᠠᠭᠠᠨ ᠤᠩᠰᠢᠬᠤ᠂ ᠳᠡᠯᠭᠡᠨ | ᠦᠵᠡᠭᠦᠯᠬᠦ᠂ ᠰᠡᠯᠡᠭᠦᠴᠡᠬᠦ ᠵᠡᠷᠭᠡ 3 ᠦᠢᠯᠡᠴᠢᠯᠡᠭᠡᠨ ᠤ ᠴᠢᠳᠠᠮᠵᠢ ᠶᠢᠨ ᠳᠣᠲᠣᠷᠠᠬᠢ 2 ᠵᠦᠢᠯ ᠢ ᠪᠦᠷᠢᠯᠳᠦᠭᠦᠯᠬᠦ ᠶᠢ | ᠵᠢᠭᠠᠵᠤ ᠪᠠᠶᠢᠨ᠎ᠠ᠂ ︽X︾ ᠭᠡᠳᠡᠭ ᠨᠢ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠷᠨᠢᠭᠦᠯᠦᠭᠰᠡᠨ | ᠥᠪᠡᠷᠮᠢᠴᠡ ᠣᠨᠴᠠᠯᠢᠭ ᠲᠠᠢ ᠦᠢᠯᠡᠴᠢᠯᠡᠭᠡᠨ ᠤ ᠴᠢᠳᠠᠮᠵᠢ ᠶᠢ ᠵᠢᠭᠠᠵᠤ ᠪᠠᠶᠢᠨ᠎ᠠ᠃ ᠡᠭᠦᠨ ᠳᠤ ︽X︾ ᠭᠡᠳᠡᠭ ᠨᠢ | ᠲᠤᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠷᠨᠢᠭᠦᠯᠦᠭᠰᠡᠨ ᠥᠪᠡᠷᠮᠢᠴᠡ ᠣᠨᠴᠠᠯᠢᠭ ᠲᠠᠢ | ᠦᠢᠯᠡᠴᠢᠯᠡᠭᠡᠨ ᠤ ᠴᠢᠳᠠᠮᠵᠢ ᠶᠢ ᠵᠢᠭᠠᠵᠤ ᠪᠠᠶᠢᠨ᠎ᠠ᠃ ᠡᠭᠦᠨ ᠳᠤ ︽ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ︾ | ᠭᠡᠳᠡᠭ ᠨᠢ ᠨᠣᠮ ᠤᠩᠰᠢᠬᠤ᠂ ᠳᠡᠯᠭᠡᠨ ᠦᠵᠡᠭᠦᠯᠬᠦ᠂ ᠰᠡᠯᠡᠭᠦᠴᠡᠬᠦ ᠵᠡᠷᠭᠡ 3 ᠦᠢᠯᠡᠴᠢᠯᠡᠭᠡᠨ ᠤ ᠴᠢᠳᠠᠮᠵᠢ ᠶᠢᠨ | ᠳᠣᠲᠣᠷᠠᠬᠢ 2 ᠵᠦᠢᠯ ᠢ ᠵᠢᠭᠠᠵᠤ ᠪᠠᠶᠢᠨ᠎ᠠ᠃ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠣᠷᠣᠨ | ᠪᠦᠰᠡ ᠶᠢ ᠵᠦᠶ ᠵᠣᠬᠢᠰᠲᠠᠶ ᠬᠤᠪᠢᠶᠠᠷᠢᠯᠠᠵᠤ᠂ ᠣᠷᠣᠨ ᠪᠦᠰᠡ ᠨᠢᠭᠡᠪᠦᠷᠢ ᠳᠤ ᠨᠢᠭᠡ ᠵᠦᠢᠯ ᠤᠨ ᠲᠤᠰᠬᠠᠶ ᠮᠡᠷᠭᠡᠵᠢᠯ ᠢ | ᠣᠯᠠᠨ ᠲᠠᠯ᠎ᠠ ᠪᠠᠷ ᠬᠡᠷᠡᠭᠯᠡᠵᠦ ᠪᠣᠯᠤᠨ᠎ᠠ᠃ | ︵ᠬᠤᠶᠠᠷ︶ ᠲᠥᠯᠥᠪᠵᠢᠭᠦᠯᠭᠡ ᠶᠢᠨ ᠭᠠᠵᠠᠷ ᠰᠣᠩᠭᠤᠬᠤ᠃ ᠰᠠᠭᠤᠭᠠᠯᠢ ᠠᠷᠠᠳ ᠤᠨ ᠲᠣᠭᠤᠷᠢᠭ ︵ᠨᠡᠶᠢᠭᠡᠮ | ᠲᠣᠭᠤᠷᠢᠭ᠂ ᠲᠣᠰᠬᠤᠨ︶᠂ ᠴᠡᠴᠡᠷᠯᠢᠭ ︵ᠲᠠᠯᠠᠪᠠᠢ︶᠂ ᠬᠤᠳᠠᠯᠳᠤᠭᠠᠨ ᠤ ᠲᠠᠯᠠᠪᠤᠷ᠂ ᠦᠵᠡᠮᠵᠢ ᠶᠢᠨ ᠭᠠᠵᠠᠷ | ᠵᠡᠷᠭᠡ ᠬᠥᠮᠦᠨ ᠠᠮᠠ ᠲᠥᠪᠯᠡᠷᠡᠭᠰᠡᠨ᠂ ᠵᠠᠮ ᠬᠠᠷᠢᠯᠴᠠᠭ᠎ᠠ ᠳᠥᠭᠦᠮ ᠳᠥᠲᠡ᠂ ᠪᠡᠯᠡᠳᠬᠡᠮᠵᠢ ᠲᠡᠭᠦᠯᠳᠡᠷ᠂ ᠣᠷᠴᠢᠨ | ᠲᠣᠭᠤᠷᠢᠨ ᠭᠤᠶᠢᠳᠠ ᠰᠠᠶᠢᠬᠠᠨ ᠭᠠᠵᠠᠷ ᠣᠷᠣᠨ ᠳᠤ ︽ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ︾ ᠶᠢ | ᠲᠥᠯᠥᠪᠵᠢᠭᠦᠯᠦᠨ ᠪᠦᠳᠦᠭᠡᠨ ᠪᠠᠶᠢᠭᠤᠯᠤᠨ᠎ᠠ᠃ | ︵ᠭᠤᠷᠪᠠ︶ ᠲᠥᠷᠥᠯ ᠵᠦᠢᠯ ᠤᠨ ᠵᠢᠷᠤᠭ ᠲᠥᠯᠥᠪᠯᠡᠭᠡ᠃ ᠣᠯᠠᠨ ᠡᠰᠢᠲᠦ ᠴᠢᠳᠠᠮᠵᠢ ᠶᠢᠨ | ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠶᠢ ᠬᠠᠩᠭᠠᠵᠤ᠂ ᠴᠠᠭ ᠤᠨ ᠥᠩᠭᠡ ᠶᠢ ᠳᠠᠭᠠᠭᠰᠠᠨ᠂ ᠨᠠᠷᠢᠯᠢᠭ᠂ | ᠲᠠᠭᠠᠯᠠᠮᠵᠢᠲᠠᠶ᠂ ᠳᠥᠭᠦᠮ ᠳᠥᠲᠡ᠂ ᠬᠠᠯᠠᠭᠤᠨ ᠳᠤᠯᠠᠭᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠰᠣᠶᠣᠯ ᠤᠨ | ᠪᠠᠷᠢᠯᠭ᠎ᠠ ᠶᠢᠨ ᠣᠨᠴᠠᠯᠢᠭ ᠪᠠ ᠴᠢᠨᠠᠷ ᠳᠡᠰ ᠢ ᠢᠯᠡᠷᠡᠭᠦᠯᠦᠨ᠂ ᠡᠷᠬᠢᠨ ᠲᠣᠭᠤᠷᠢᠨ ᠤ ᠣᠷᠴᠢᠨ ᠲᠣᠭᠤᠷᠢᠨ ᠯᠤᠭ᠎ᠠ | ᠬᠠᠷᠢᠯᠴᠠᠨ ᠠᠭᠤᠰᠤᠯᠴᠠᠭᠤᠯᠬᠤ ᠶᠢ ᠴᠢᠬᠤᠯᠠᠴᠢᠯᠠᠵᠤ᠂ ᠥᠪᠡᠷ ᠥᠪᠡᠷ ᠤᠨ ᠣᠨᠴᠠᠯᠢᠭ ᠲᠠᠢ᠂ ᠲᠦᠷᠦᠯ ᠵᠦᠢᠯ | ᠤᠯᠠᠨ ᠶᠠᠩᠵᠤ ᠶᠢᠨ ᠳᠦᠷᠰᠦ ᠪᠠᠶᠢᠳᠠᠯ ᠢ ᠪᠤᠢ ᠪᠣᠯᠭᠠᠨ᠎ᠠ᠃ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢᠨ | ᠵᠢᠷᠤᠭ ᠲᠥᠯᠥᠪᠯᠡᠭᠡ ᠶᠢ ᠴᠢᠩᠭᠠᠳᠬᠠᠵᠤ᠂ ᠨᠢᠭᠡᠳᠦᠯᠲᠡᠶ ︽ᠰᠢᠨ᠎ᠡ ᠬᠡᠯᠪᠡᠷᠢ ᠶᠢᠨ ᠰᠣᠶᠣᠯ ᠤᠨ ᠣᠷᠣᠨ ᠵᠠᠶ︾ ᠶᠢᠨ | ᠲᠡᠮᠳᠡᠭ ︵ᠲᠡᠮᠳᠡᠭ logo ᠶᠢ ᠳᠠᠭᠠᠯᠳᠤᠭᠤᠯᠤᠯ 2 ᠲᠤ ᠦᠵᠡ︶ ᠢ ᠪᠣᠶ ᠪᠣᠯᠭᠠᠵᠤ᠂ ᠪᠣᠳᠠᠲᠠᠶ ᠬᠡᠮ ᠬᠡᠮᠵᠢᠶ᠎ᠡ ᠪᠠ | ᠮᠠᠲ᠋ᠧᠷᠢᠶᠠᠯ ᠤᠨ ᠴᠢᠨᠠᠷ ᠢ ᠬᠢᠵᠠᠭᠠᠷᠯᠠᠬᠤ ᠥᠬᠡᠶ᠂ ︽ᠰᠢᠨ᠎ᠡ ᠬᠡᠯᠪᠡᠷᠢ ᠶᠢᠨ ᠰᠣᠶᠣᠯ ᠤᠨ ᠣᠷᠣᠨ ᠵᠠᠶ︾ ᠶᠢᠨ ᠵᠢᠷᠤᠭ | ᠲᠥᠯᠥᠪᠯᠡᠭᠡ ᠶᠢᠨ ᠬᠡᠪ ᠨᠠᠮᠪᠠ ᠳᠤ ᠨᠡᠶᠢᠴᠡᠪᠡᠯ ᠪᠣᠯᠴᠢᠬᠠᠨ᠎ᠠ᠃ ᠪᠤᠢ ᠪᠦᠬᠦᠢ ᠵᠢᠷᠤᠭ ᠲᠥᠯᠥᠪᠯᠡᠭᠡᠨ ᠤ ᠠᠭᠤᠯᠭ᠎ᠠ ᠨᠢ | ︽ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ︾ ᠪᠠ ︽ᠨᠡᠶᠢᠭᠡᠮ ᠨᠡᠶᠢᠲᠡ ᠶᠢᠨ ᠭᠤᠣᠯ | ᠤᠷᠤᠰᠬᠠᠯ ᠤᠨ ᠭᠤᠸ᠎ᠠ ᠲᠠᠭᠠᠰᠢᠶᠠᠯ︾ ᠳᠤ ᠨᠡᠶᠢᠴᠡᠭᠰᠡᠨ ᠪᠠᠶᠢᠬᠤ ᠬᠡᠷᠡᠭᠲᠡᠶ᠂ ᠵᠦᠢ ᠵᠣᠬᠢᠰᠲᠠᠶ ᠪᠠᠷ ᠰᠢᠨ᠎ᠡ ᠶᠢ | ᠡᠭᠦᠳᠬᠦ ᠳᠤ ᠬᠡᠲᠦᠷᠬᠡᠶ ︽ᠰᠢᠨ᠎ᠡ ᠶᠢ ᠡᠭᠦᠳᠬᠦ︾ ᠪᠠ ︽ᠰᠠᠶᠢᠬᠠᠨ ᠦᠭᠡ ᠬᠡᠯᠡᠵᠦ ᠰᠠᠶᠢᠰᠢᠶᠠᠯ ᠤᠯᠬᠤ︾ ᠶᠢ | ᠲᠡᠪᠴᠢᠬᠦ ᠬᠡᠷᠡᠭᠲᠡᠶ᠃ | ︵ᠲᠥᠷᠪᠡ︶ ᠪᠠᠷᠢᠯᠭ᠎ᠠ ᠶᠢᠨ ᠬᠡᠪᠴᠢᠶ᠎ᠡ᠃ ︽ᠰᠢᠨ᠎ᠡ ᠬᠡᠯᠪᠡᠷᠢ ᠶᠢᠨ ᠰᠣᠶᠣᠯ ᠤᠨ ᠣᠷᠣᠨ ᠵᠠᠶ︾ ᠶᠢᠨ | ᠪᠠᠷᠢᠯᠭ᠎ᠠ ᠶᠢᠨ ᠲᠠᠯᠠᠪᠠᠶ ᠶᠢ ᠵᠠᠷᠴᠢᠮ ᠳᠡᠭᠡᠷ᠎ᠡ ᠪᠠᠨ 50 ᠲᠡᠭᠰᠢ ᠳᠥᠷᠪᠡᠯᠵᠢᠨ ᠮᠧᠲᠷ ᠠᠴᠠ ᠳᠤᠲᠠᠭᠤ ᠪᠠᠶᠢᠯᠭᠠᠵᠤ | ᠪᠣᠯᠬᠤ ᠥᠬᠡᠶ᠂ ᠪᠣᠳᠠᠲᠠᠶ ᠪᠥᠲᠥᠭᠡᠨ ᠪᠠᠶᠢᠭᠤᠯᠬᠤ ᠲᠠᠯᠠᠪᠠᠶ ᠶᠢ ᠪᠥᠲᠥᠭᠡᠨ ᠪᠠᠶᠢᠭᠤᠯᠬᠤ ᠲᠠᠯᠠᠪᠠᠶ ᠶᠢᠨ ᠪᠣᠳᠠᠲᠠᠶ | ᠪᠠᠶᠢᠳᠠᠯ ᠬᠢᠭᠡᠳ ᠦᠢᠯᠡᠴᠢᠯᠡᠬᠦ ᠬᠥᠮᠦᠨ ᠠᠮᠠ ᠶᠢᠨ ᠲᠤᠭ᠎ᠠ ᠬᠡᠮᠵᠢᠶ᠎ᠡ᠂ ᠦᠢᠯᠡᠴᠢᠯᠡᠬᠦ ᠲᠥᠷᠥᠯ ᠵᠦᠢᠯ ᠵᠡᠷᠭᠡ ᠶᠢ | ᠦᠨᠳᠦᠰᠦᠯᠡᠨ ᠲᠣᠭᠲᠠᠭᠠᠬᠤ ᠬᠡᠷᠡᠭᠲᠡᠶ᠂ ᠬᠠᠲᠠᠭᠤ ᠱᠠᠭᠠᠷᠳᠠᠯᠭ᠎ᠠ ᠭᠠᠷᠭᠠᠬᠤ ᠥᠬᠡᠶ᠃ | ︵ᠲᠠᠪᠤ︶ ᠪᠥᠲᠥᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ᠃ ︽ᠰᠢᠨ᠎ᠡ ᠬᠡᠯᠪᠡᠷᠢ ᠶᠢᠨ ᠰᠣᠶᠣᠯ ᠤᠨ ᠣᠷᠣᠨ | ᠵᠠᠶ︾ ᠨᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠬᠤ ᠪᠠᠷ | ᠭᠤᠤᠯ ᠪᠣᠯᠭᠠᠵᠤ᠂ ︽ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ︾ ᠠᠴᠠ ᠠᠯᠢ ᠴᠢᠳᠠᠬᠤ ᠪᠠᠷ ᠵᠠᠶᠢᠯᠠᠰᠬᠢᠵᠦ᠂ | ᠥᠭᠡᠷᠡᠴᠢᠯᠡᠬᠦ᠂ ᠬᠤᠶᠠᠳᠠᠬᠢ ᠤᠳᠠᠭ᠎ᠠ ᠵᠠᠰᠠᠵᠤ ᠴᠢᠮᠡᠭᠯᠡᠬᠦ᠂ ᠬᠠᠭᠤᠴᠢᠨ ︵ᠬᠠᠶᠠᠭᠳᠠᠮᠠᠯ︶ ᠪᠣᠳᠠᠰ ᠢ ᠠᠰᠢᠭᠯᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠲᠣ ᠶᠢᠨ ᠪᠠᠶᠢᠭ᠎ᠠ ᠡᠬᠢ ᠪᠠᠶᠠᠯᠢᠭ ᠢ ᠠᠮᠤᠷ ᠲᠦᠪᠰᠢᠨ ᠪᠦᠲᠦᠮᠵᠢᠲᠡᠶ | ᠠᠰᠢᠭᠯᠠᠬᠤ ᠶᠢ ᠵᠣᠷᠢᠭᠵᠢᠭᠤᠯᠤᠨ᠎ᠠ︔ ᠬᠡᠷᠪᠡ ᠲᠣᠬᠢᠷᠠᠮᠵᠢᠲᠠᠶ ᠦᠯᠡᠳᠡᠭᠡᠯ ᠠᠳᠠᠯ ᠠᠬᠤᠶ ᠪᠠᠶᠢᠬᠤ ᠥᠬᠡᠶ ᠪᠣᠯ᠂ | ᠬᠤᠲᠠ ᠶᠢᠨ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠤᠷ᠎ᠠ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ᠰᠢᠨ᠎ᠡ ᠪᠠᠷ ᠪᠠᠶᠢᠭᠤᠯᠤᠭᠰᠠᠨ ᠴᠤ ᠪᠣᠯᠤᠨ᠎ᠠ᠃ ᠠᠵᠤ ᠠᠬᠤᠶᠢᠯᠠᠯ ᠵᠡᠷᠭᠡ ᠨᠡᠶᠢᠭᠡᠮ ᠤᠨ | ᠬᠦᠴᠦᠨ ᠤ ᠪᠠᠶᠢᠭᠤᠯᠤᠯᠲᠠ ᠶᠢᠨ ︽ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ︾ ᠶᠢ ᠲᠤᠰ ᠪᠡᠶ᠎ᠡ ᠶᠢᠨ ᠪᠣᠳᠠᠲᠤ | ᠪᠠᠶᠢᠳᠠᠯ ᠢᠶᠠᠨ ᠦᠨᠳᠦᠰᠦᠯᠡᠨ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠣᠯᠤᠨ᠎ᠠ᠂ ᠬᠠᠲᠠᠭᠤ ᠱᠠᠭᠠᠷᠳᠠᠯᠭ᠎ᠠ | ᠭᠠᠷᠭᠠᠬᠤ ᠦᠭᠡᠢ᠃ | ︵ᠵᠢᠷᠭᠤᠭ᠎ᠠ︶ ᠡᠵᠡᠩᠨᠡᠯᠲᠡ ᠶᠢᠨ ᠦᠢᠯᠡᠴᠢᠯᠡᠭᠡ᠃ ︽ᠰᠢᠨ᠎ᠡ ᠮᠠᠶ᠋ᠢᠭ ᠤᠨ ᠰᠣᠶᠣᠯ ᠤᠨ ᠣᠷᠣᠨ ᠵᠠᠶ︾ ᠶᠢ | ︽ᠬᠡᠨ ᠪᠠᠶᠢᠭᠤᠯᠪᠠᠯ ᠲᠡᠷᠡ ᠬᠠᠮᠢᠶᠠᠷᠬᠤ︾ ᠵᠠᠷᠴᠢᠮ ᠶᠣᠰᠣᠭᠠᠷ ᠡᠳᠦᠷ ᠲᠤᠳᠤᠮ ᠤᠨ ᠡᠵᠡᠩᠨᠡᠯᠲᠡ ᠬᠠᠮᠢᠶᠠᠷᠤᠯᠲᠠ | ᠶᠠᠪᠤᠭᠤᠯᠤᠨ᠎ᠠ᠃ | |