ᠵᠢᠦ ᠶᠤᠸᠠᠨ ᠪᠣᠬᠢᠷᠲᠤᠯ ᠥᠬᠡᠶ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠤᠨ ᠭᠤᠤᠯ ᠡᠭᠦᠷᠭᠡ ᠬᠠᠷᠢᠭᠤᠴᠠᠯᠭ᠎ᠠ ᠵᠢᠴᠢ ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ
ᠨᠡᠶᠢᠲᠡᠯᠡᠭᠰᠡᠨ ᠴᠠᠭ᠄
2022/9/21
     ᠨᠢᠭᠡ᠂ ᠭᠤᠤᠯ ᠡᠭᠦᠷᠭᠡ ᠬᠠᠷᠢᠭᠤᠴᠠᠯᠭ᠎ᠠ    ︵ᠨᠢᠭᠡ︶ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠪᠠ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠨ᠎ᠡ᠃    ︵ᠬᠤᠶᠠᠷ︶ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠬᠠᠮᠠᠭᠠᠯᠠᠯᠲᠠ᠂ ᠠᠵᠢᠯᠯᠠᠭᠠᠨ ᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃    ︵ᠭᠤᠷᠪᠠ︶ ᠠᠵᠤ ᠦᠢᠯᠡᠰ ᠤᠨ ᠬᠦᠷᠢᠶᠡᠯᠡᠩ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠣᠷᠣᠯᠴᠠᠵᠤ᠂ ᠠᠵᠤ ᠦᠢᠯᠡᠰ ᠤᠨ ᠬᠦᠷᠢᠶᠡᠯᠡᠩ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠡᠷᠭᠡ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠦᠨ᠎ᠡ᠃    ︵ᠳᠥᠷᠪᠡ︶ ᠵᠢᠦ ᠶᠤᠸᠠᠨ ᠲᠣᠭᠤᠷᠢᠭ ᠤᠨ ᠵᠠᠰᠠᠭ ᠤᠨ ᠣᠷᠳᠣᠨ ᠢ ᠬᠠᠮᠵᠢᠨ ᠠᠵᠤ ᠦᠢᠯᠡᠰ ᠤᠨ ᠬᠦᠷᠢᠶᠡᠯᠡᠩ ᠳᠤ ᠣᠷᠣᠵᠤ ᠰᠠᠭᠤᠭᠰᠠᠨ ᠠᠵᠤ ᠠᠬᠤᠶᠢᠯᠠᠯ ᠤᠨ ᠠᠵᠤ ᠠᠬᠤᠶ᠂ ᠢᠳᠡᠭᠡᠨ᠂ ᠠᠶᠤᠯ ᠥᠬᠡᠶ ᠦᠢᠯᠡᠳᠪᠤᠷᠢᠯᠡᠯ ᠵᠡᠷᠭᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃    ︵ᠲᠠᠪᠤ︶ ᠠᠵᠤ ᠦᠢᠯᠡᠰ ᠤᠨ ᠬᠦᠷᠢᠶᠡᠯᠡᠩ ᠤᠨ ᠨᠡᠭᠡᠭᠡᠨ ᠬᠥᠭᠵᠢᠭᠦᠯᠦᠯᠲᠡ ᠠᠴᠠ ᠪᠣᠶ ᠪᠣᠯᠤᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠵᠣᠬᠢᠴᠠᠭᠤᠯᠤᠨ ᠬᠠᠮᠢᠶᠠᠷᠬᠤ᠂ ᠦᠶ᠋ᠯᠡᠴᠢᠯᠡᠬᠦ ᠵᠡᠷᠭᠡ ᠠᠵᠢᠯ ᠢ ᠡᠭᠦᠷᠭᠡᠯᠡᠨ᠎ᠡ᠃    ︵ᠵᠢᠷᠭᠤᠭ᠎ᠠ︶ ᠲᠣᠭᠤᠷᠢᠭ ᠤᠨ ᠨᠠᠮ ᠤᠨ ᠬᠤᠷᠢᠶ᠎ᠠ᠂  ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ    ︵ᠨᠢᠭᠡ︶ ᠨᠠᠮ ᠵᠠᠰᠠᠭ ᠤᠨ ᠶᠡᠷᠦᠩᠬᠡᠶ ᠠᠵᠢᠯ ᠤᠨ ᠠᠯᠪᠠᠨ ᠭᠡᠷ᠃ ᠲᠥᠪ ᠤᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠨᠠᠮ ᠤᠨ ᠠᠵᠢᠯ᠂ ᠵᠠᠰᠠᠭ ᠤᠨ ᠶᠠᠪᠤᠳᠠᠯ᠂ ᠥᠰᠥᠭ ᠪᠢᠴᠢᠭ ᠤᠨ ᠮᠠᠲ᠋ᠧᠷᠢᠶᠠᠯ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠡᠭᠦᠷᠭᠡᠯᠡᠨ᠎ᠡ︔ ᠰᠠᠬᠢᠯᠭ᠎ᠠ ᠪᠠᠲᠤ ᠪᠠᠶᠢᠴᠠᠭᠠᠬᠤ᠂ ᠤᠬᠠᠭᠤᠯᠬᠤ᠂ ᠡᠪᠯᠡᠯ ᠤᠨ ᠬᠤᠷᠢᠶ᠎ᠠ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠠᠷᠢᠯᠴᠠᠬᠤ ᠡᠳ᠋ ᠤᠨ ᠶᠠᠪᠤᠳᠠᠯ᠂ ᠠᠵᠢᠯᠲᠠᠨ ᠤ ᠶᠠᠪᠤᠳᠠᠯ᠂ ᠠᠷᠤ ᠲᠠᠯ᠎ᠠ ᠶᠢᠨ ᠠᠵᠢᠯ᠂ ᠳᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ᠃ ᠠᠵᠤ ᠦᠢᠯᠡᠰ ᠤᠨ ᠬᠦᠷᠢᠶᠡᠯᠡᠩ ᠤᠨ ᠣᠨ ᠤ ᠠᠶᠤᠯ ᠥᠬᠡᠶ ᠦᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢᠨ ᠲᠥᠯᠥᠪᠯᠡᠭᠡ ᠵᠢᠴᠢ ᠬᠡᠷᠡᠭᠵᠢᠭᠦᠯᠦᠯᠲᠡ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠦᠢᠯᠡᠰ ᠤᠨ ᠬᠦᠷᠢᠶᠡᠯᠡᠩ ᠳᠤ ᠣᠷᠣᠵᠤ ᠰᠠᠭᠤᠭᠰᠠᠨ ᠠᠵᠤ ᠠᠬᠤᠶᠢᠯᠠᠯ ᠤᠨ ᠠᠵᠤ ᠠᠬᠤᠶ᠂ ᠢᠳᠡᠭᠡᠨ᠂ ᠠᠶᠤᠯ ᠥᠬᠡᠶ ᠦᠢᠯᠡᠳᠪᠤᠷᠢᠯᠡᠯ ᠵᠡᠷᠭᠡ ᠶᠢᠨ ᠬᠠᠮᠢᠶᠠᠷᠤᠯᠲᠠ ᠶᠢ ᠰᠠᠶᠢᠲᠤᠷ ᠬᠢᠨ᠎ᠠ᠃    ︵ᠬᠤᠶᠠᠷ︶ ᠠᠵᠤ ᠠᠬᠤᠶ ᠶᠢᠨ ᠪᠦᠳᠦᠭᠡᠠ ᠪᠠᠶᠢᠭᠤᠯᠤᠯᠲᠠ ᠶᠢᠨ ᠬᠤᠪᠢ᠃ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠲᠥᠰᠦᠪᠯᠡᠬᠦ᠂ ᠪᠣᠭᠤᠳᠠᠯᠯᠠᠬᠤ ᠵᠢᠴᠢ ᠪᠡᠯᠡᠳᠬᠡᠬᠦ ᠠᠵᠢᠯ ᠳᠤ ᠣᠷᠣᠯᠴᠠᠨ᠎ᠠ︔ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠷᠢᠯᠴᠠᠵᠤ ᠪᠠᠶᠢᠭᠠᠳ ᠴᠡᠴᠡᠷᠯᠢᠭ ᠲᠤ ᠣᠷᠣᠬᠤ ᠪᠠᠷ ᠪᠠᠶᠢᠭ᠎ᠠ ᠠᠵᠤ ᠠᠬᠤᠶᠢᠯᠠᠯ ᠢ ᠬᠠᠮᠲᠤᠷᠠᠨ ᠬᠢᠨᠠᠨ ᠵᠥᠪᠰᠢᠶᠡᠷᠡᠬᠦ ᠶᠢ ᠵᠣᠬᠢᠶᠠᠨ ᠪᠠᠶᠢᠭᠤᠯᠤᠨ᠎ᠠ︔ ᠴᠡᠴᠡᠷᠯᠢᠭ ᠠᠴᠠ ᠭᠠᠷᠬᠤ ᠲᠥᠷᠥᠯ ᠵᠦᠢᠯ ᠤᠨ ᠤᠬᠤᠷᠢᠨ ᠭᠠᠷᠬᠤ ᠵᠡᠷᠭᠡ ᠲᠤᠰᠠᠯᠠᠬᠤ ᠴᠢᠨᠠᠷᠲᠠᠶ ᠠᠵᠢᠯ ᠢ ᠬᠠᠷᠢᠭᠤᠴᠠᠨ᠎ᠠ᠃ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠬᠠᠮᠠᠭᠠᠯᠠᠯᠲᠠ᠂ ᠠᠵᠢᠯᠯᠠᠭᠠᠨ ᠤ ᠠᠵᠢᠯ ᠢ ᠵᠣᠬᠢᠶᠠᠨ ᠪᠠᠶᠢᠭᠤᠯᠬᠤ ᠪᠠ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ︔ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠳᠤ ᠵᠠᠰᠠᠪᠤᠷᠢ ᠣᠷᠣᠭᠤᠯᠬᠤ ︵ᠨᠠᠶᠢᠷᠠᠭᠤᠯᠬᠤ︶ ᠶᠢ ᠬᠠᠷᠢᠭᠤᠴᠠᠵᠤ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠵᠢᠯᠴᠠᠨ ᠬᠦᠷᠢᠶᠡᠯᠡᠩ ᠲᠣᠭᠤᠷᠢᠭ ᠵᠢᠴᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠥᠬᠡᠶ  ᠦᠢᠯᠡᠳᠪᠤᠷᠢᠯᠡᠯ ᠵᠢᠴᠢ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠠ︔ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠲᠥᠷᠥᠯ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠢ ᠡᠭᠦᠳᠬᠦ ᠵᠢᠴᠢ ᠡᠯ᠎ᠡ ᠲᠥᠷᠥᠯ ᠤᠨ ᠲᠥᠷᠥ ᠶᠢᠨ ᠪᠤᠳᠤᠯᠭ᠎ᠠ ᠶᠢᠨ ᠴᠢᠨᠠᠷᠲᠠᠶ ᠪᠡᠯᠡ ᠮᠥᠩᠭᠦ᠂ ᠰᠠᠭᠤᠷᠢ ᠮᠥᠩᠭᠦ ᠤᠯᠬᠤ ᠢ ᠬᠠᠷᠢᠭᠤᠴᠠᠨ᠎ᠠ᠃ ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠠᠵᠤ ᠠᠬᠤᠶ ᠶᠢᠨ ᠠᠵᠢᠯᠯᠠᠭᠠᠨ ᠤ ᠡᠯ᠎ᠡ ᠲᠥᠷᠥᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠴᠤᠭᠯᠠᠭᠤᠯᠵᠤᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠲᠥᠷᠥᠯ ᠵᠦᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠤᠯ ᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢᠨ ᠭᠠᠵᠠᠷ᠂ ᠠᠵᠤ ᠠᠬᠤᠶᠢᠯᠠᠯ ᠤᠨ ᠨᠡᠪᠴᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ︔ ᠡᠨᠧᠷᠭᠢ ᠶᠢᠨ ᠬᠤᠷᠣᠭᠳᠠᠭᠤᠯᠤᠯ ᠤᠨ ᠭᠠᠳᠠᠭᠰᠢᠯᠠᠭᠤᠯᠤᠯᠲᠠ ᠶᠢ ᠪᠦᠷᠢᠳᠬᠡᠨ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠵᠤ᠂ ᠡᠨᠧᠷᠭᠢ ᠠᠷᠪᠢᠯᠠᠨ ᠬᠤᠷᠣᠭᠳᠠᠭᠤᠯᠤᠯ ᠢ ᠪᠠᠭᠠᠰᠬᠠᠬᠤ ᠪᠠ ᠡᠬᠢ ᠪᠠᠶᠠᠯᠢᠭ ᠢ ᠳᠠᠬᠢᠨ ᠠᠰᠢᠭᠯᠠᠬᠤ ᠠᠵᠢᠯ ᠢ ᠰᠠᠶᠢᠲᠤᠷ ᠬᠢᠨ᠎ᠠ᠃    ᠴᠢᠮᠡᠭᠡ ᠨᠡᠪᠲᠡᠷᠡᠯᠭᠡ ᠶᠢᠨ ᠬᠠᠶ᠋ᠢᠭ᠄ ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠠᠭᠠᠷᠤᠲᠠᠢ ᠰᠤᠮᠤᠨ ᠤ ᠠᠯᠳᠠᠨ ᠶᠡᠭᠡ ᠵᠠᠮ ᠬᠢᠭᠡᠳ ᠰᠢᠨ ᠬᠤᠸᠠᠨ ᠯᠦᠩ ᠵᠠᠮ ᠤᠨ ᠠᠭᠤᠯᠵᠠᠷ ᠭᠠᠵᠠᠷ    ᠠᠵᠢᠯ ᠤᠨ ᠤᠲᠠᠰᠤ᠄ 0472-5887761    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ                   ᠦᠳᠡ ᠶᠢᠨ ᠡᠮᠦᠨᠡᠬᠢ 8᠄ 30 — 12᠄ 00                   ᠦᠳᠡ ᠶᠢᠨ ᠬᠤᠶᠢᠨ᠎ᠠ 14᠄ 30 — 17᠄ 30    ᠬᠠᠷᠢᠭᠤᠴᠠᠯᠭᠠᠲᠠᠨ᠄ ᠺᠠᠩ ᠵᠢᠶᠠᠨ ᠮᠢᠩ   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号