ᠯᠠᠪᠳᠠᠭᠤᠨ ᠪᠠᠲᠤᠲᠠᠢ ᠰᠢᠷᠭᠠᠭᠤ ᠠᠵᠢᠯᠯᠠᠵᠤ  ︽ᠪᠤᠭᠤᠲᠤ ᠶᠢᠨ ᠰᠦᠷ ᠵᠢᠪᠬᠤᠭ᠎ᠠ ᠶᠢ ᠰᠡᠷᠭᠦᠭᠡᠨ ᠮᠠᠨᠳᠤᠭᠤᠯᠬᠤ︾ ᠭᠤᠣᠯ ᠬᠦᠴᠦᠨ ᠪᠣᠯᠬᠤ ᠪᠠᠷ ᠲᠡᠮᠡᠴᠡᠰᠦᠭᠡᠢ — ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/1/12
ᠴᠠᠭ᠄ 2023 — 01 — 12ᠭᠥᠨᠳᠦᠳᠦ ᠵᠣᠴᠢᠨ᠄ ᠵᠢᠦ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢᠲᠣᠪᠴᠢ ᠲᠡᠮᠳᠡᠭᠯᠡᠯ᠄ ᠯᠢᠦ ᠵᠢᠶᠦ᠋ᠨ ᠢ ᠬᠡᠯᠡᠬᠦ ᠳᠡᠭᠡᠨ᠂ ᠵᠢᠦ ᠶᠤᠸᠠᠨ ᠲᠣᠭᠤᠷᠢᠭ ᠤᠨ ᠬᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠴᠢᠭᠯᠡᠭᠦᠯᠵᠦ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ︾ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠳ᠋ᠠ ᠴᠢᠤᠸᠠᠨ᠂ ᠮᠢᠩ ᠶᠠᠩ᠂ ᠮᠢᠩ ᠲᠦᠤᠤ ᠵᠡᠷᠭᠡ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠳᠤᠯᠤᠨ ᠨᠡᠭᠡᠭᠡᠬᠦ ᠲᠠᠪᠴᠠᠩ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠦᠨ ᠵᠢᠯᠣᠭᠤᠳᠴᠤ ᠵᠣᠷᠢᠭᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ᠂ ᠰᠢᠨ᠎ᠡ ᠪᠠᠷ ᠨᠡᠮᠡᠭᠳᠡᠭᠦᠯᠬᠦ ᠲᠣᠭᠲᠠᠭᠠᠯ ᠳᠡᠭᠡᠷᠡᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠯᠠᠭ᠎ᠠ ᠶᠢᠨ ᠡᠵᠡᠯᠡᠬᠦ ᠬᠠᠷᠢᠴᠠᠯ ᠢ 60% ᠠᠴᠠ ᠳᠠᠪᠠᠭᠤᠯᠵᠤ᠂ ᠦᠯᠡᠳᠡᠭᠡᠯ ᠲᠣᠭᠲᠠᠭᠠᠯ ᠳᠡᠭᠡᠷᠡᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠯᠠᠭ᠎ᠠ ᠶᠢᠨ ᠡᠵᠡᠯᠡᠬᠦ ᠬᠠᠷᠢᠴᠠᠯ ᠢ 40% ᠠᠴᠠ ᠳᠠᠪᠠᠭᠤᠯᠬᠤ ᠪᠠᠷ ᠴᠢᠷᠮᠠᠶᠢᠨ᠎ᠠ᠃ ︽ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠦᠢᠯᠡᠴᠢᠯᠡᠬᠦ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠳᠤ ᠴᠢᠳᠠᠪᠤᠷᠢᠲᠠᠨ ᠡᠷᠢᠬᠦ᠂ ᠰᠢᠨ᠎ᠡ ᠶᠢ ᠡᠭᠦᠳᠬᠦ ᠳᠤ ᠲᠠᠪᠴᠠᠩ ᠡᠷᠢᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠬᠢᠭᠡᠳ ᠶᠡᠭᠡ ᠰᠤᠷᠭᠠᠭᠤᠯᠢ ᠶᠢᠨ ᠶᠡᠭᠡ ᠳᠡᠭᠡᠳᠦ ᠰᠤᠷᠭᠠᠭᠤᠯᠢ ᠶᠡᠭᠡ ᠭᠠᠵᠠᠷ ᠬᠠᠮᠲᠤᠷᠠᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠂ ᠪᠣᠭᠤᠳᠤ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢ ᠥᠷᠭᠡᠨ ᠢᠶᠠᠷ ᠤᠷᠢᠵᠤ ᠨᠤᠲᠤᠭᠰᠢᠭᠤᠯᠵᠤ᠂ ᠠᠵᠢᠯ ᠣᠯᠵᠤ ᠦᠢᠯᠡᠰ ᠪᠣᠰᠭᠠᠨ᠎ᠠ᠃    ︽ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠪᠤᠭᠤᠲᠤ ᠶᠢᠨ ︿ᠬᠤᠶᠠᠷ ᠬᠤᠷᠠᠯ﹀ ᠪᠣᠯ ᠪᠦᠬᠦ ᠬᠤᠳᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠴᠢᠬᠤᠯᠠ ᠬᠤᠷᠠᠯ ᠪᠣᠯᠤᠨ᠎ᠠ᠂ ᠬᠤᠷᠠᠯ ᠨᠢ ᠪᠤᠭᠤᠲᠤ ᠶᠢᠨ ᠢᠷᠡᠭᠡᠳᠦᠢ ᠶᠢᠨ ᠬᠥᠭᠵᠢᠯᠲᠡ ᠳᠤ ᠠᠶᠠᠯᠠᠯ ᠤᠨ ᠴᠢᠭᠯᠡᠯ ᠢ ᠲᠣᠭᠲᠠᠭᠠᠵᠤ ᠥᠭᠴᠡᠢ︾᠃ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠰᠤᠷᠪᠤᠯᠵᠢᠯᠠᠭᠴᠢ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ 2023 ᠣᠨ ᠳᠤ᠂ ᠵᠢᠤ ᠶᠤᠸᠠᠨ ᠲᠣᠭᠤᠷᠢᠭ ᠤᠨ ᠬᠢᠨ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠵᠢᠤ ᠶᠤᠸᠠᠨ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃    ᠯᠢᠦ ᠵᠢᠶᠦ᠋ᠨ ᠢ ᠬᠡᠯᠡᠬᠦ ᠳᠡᠭᠡᠨ᠂ ᠵᠢᠦ ᠶᠤᠸᠠᠨ ᠲᠣᠭᠤᠷᠢᠭ ᠤᠨ ᠬᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠴᠢᠭᠯᠡᠭᠦᠯᠵᠦ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ︾ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠳ᠋ᠠ ᠴᠢᠤᠸᠠᠨ᠂ ᠮᠢᠩ ᠶᠠᠩ᠂ ᠮᠢᠩ ᠲᠦᠤᠤ ᠵᠡᠷᠭᠡ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠳᠤᠯᠤᠨ ᠨᠡᠭᠡᠭᠡᠬᠦ ᠲᠠᠪᠴᠠᠩ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠦᠨ ᠵᠢᠯᠣᠭᠤᠳᠴᠤ ᠵᠣᠷᠢᠭᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ᠂ ᠰᠢᠨ᠎ᠡ ᠪᠠᠷ ᠨᠡᠮᠡᠭᠳᠡᠭᠦᠯᠬᠦ ᠲᠣᠭᠲᠠᠭᠠᠯ ᠳᠡᠭᠡᠷᠡᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠯᠠᠭ᠎ᠠ ᠶᠢᠨ ᠡᠵᠡᠯᠡᠬᠦ ᠬᠠᠷᠢᠴᠠᠯ ᠢ 60% ᠠᠴᠠ ᠳᠠᠪᠠᠭᠤᠯᠵᠤ᠂ ᠦᠯᠡᠳᠡᠭᠡᠯ ᠲᠣᠭᠲᠠᠭᠠᠯ ᠳᠡᠭᠡᠷᠡᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠯᠠᠭ᠎ᠠ ᠶᠢᠨ ᠡᠵᠡᠯᠡᠬᠦ ᠬᠠᠷᠢᠴᠠᠯ ᠢ 40% ᠠᠴᠠ ᠳᠠᠪᠠᠭᠤᠯᠬᠤ ᠪᠠᠷ ᠴᠢᠷᠮᠠᠶᠢᠨ᠎ᠠ᠃ ︽ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠦᠢᠯᠡᠴᠢᠯᠡᠬᠦ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠳᠤ ᠴᠢᠳᠠᠪᠤᠷᠢᠲᠠᠨ ᠡᠷᠢᠬᠦ᠂ ᠰᠢᠨ᠎ᠡ ᠶᠢ ᠡᠭᠦᠳᠬᠦ ᠳᠤ ᠲᠠᠪᠴᠠᠩ ᠡᠷᠢᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠬᠢᠭᠡᠳ ᠶᠡᠭᠡ ᠰᠤᠷᠭᠠᠭᠤᠯᠢ ᠶᠢᠨ ᠶᠡᠭᠡ ᠳᠡᠭᠡᠳᠦ ᠰᠤᠷᠭᠠᠭᠤᠯᠢ ᠶᠡᠭᠡ ᠭᠠᠵᠠᠷ ᠬᠠᠮᠲᠤᠷᠠᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠂ ᠪᠣᠭᠤᠳᠤ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢ ᠥᠷᠭᠡᠨ ᠢᠶᠠᠷ ᠤᠷᠢᠵᠤ ᠨᠤᠲᠤᠭᠰᠢᠭᠤᠯᠵᠤ᠂ ᠠᠵᠢᠯ ᠣᠯᠵᠤ ᠦᠢᠯᠡᠰ ᠪᠣᠰᠭᠠᠨ᠎ᠠ᠃    ᠳᠥᠰᠦᠯ ᠢᠶᠠᠷ ᠳᠠᠶᠢᠴᠢᠯᠠᠬᠤ ᠶᠢ ᠶᠡᠬᠡᠪᠡᠷ ᠬᠡᠷᠡᠭᠵᠢᠭᠦᠯᠦᠨ᠎ᠡ᠃ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠨ᠂ ᠭᠤᠤᠯᠳᠠᠯᠭ᠎ᠠ ᠲᠠᠢ ᠳᠥᠰᠦᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 30 ᠠᠴᠠ ᠳᠡᠭᠡᠭᠰᠢ ᠳᠥᠰᠦᠯ᠂ ᠠᠵᠤ ᠦᠢᠯᠡᠰ ᠤᠨ ᠲᠥᠷᠥᠯ ᠤᠨ ᠳᠥᠰᠦᠯ ᠢ 20 ᠠᠴᠠ ᠳᠡᠭᠡᠭᠰᠢ ᠰᠢᠨ᠎ᠡ ᠪᠠᠷ ᠠᠵᠢᠯ ᠡᠬᠢᠯᠡᠭᠦᠯᠬᠦ ᠪᠠᠷ ᠴᠢᠷᠮᠠᠶᠢᠵᠤ᠂ ︽ᠳᠥᠷᠪᠡ ᠶᠢ ᠳᠠᠪᠠᠭᠰᠠᠨ ᠠᠵᠤ ᠠᠬᠤᠶᠢᠯᠠᠯ︾ ᠢ 25 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 5 ᠠᠴᠠ ᠳᠡᠭᠡᠭᠰᠢᠬᠢ ᠠᠵᠤ ᠠᠬᠤᠶᠢᠯᠠᠯ ᠤᠨ ᠲᠤᠬᠠᠶ ᠶᠢᠨ ᠵᠢᠯ ᠳᠡᠭᠡᠨ ᠠᠵᠢᠯ ᠡᠬᠢᠯᠡᠭᠦᠯᠦᠨ᠂ ᠲᠤᠬᠠᠶ ᠶᠢᠨ ᠵᠢᠯ ᠳᠡᠭᠡᠨ ᠠᠰᠢᠭᠯᠠᠯᠲᠠ ᠳᠤ ᠣᠷᠣᠭᠤᠯᠵᠤ᠂ ᠲᠤᠬᠠᠶ ᠶᠢᠨ ᠵᠢᠯ ᠳᠡᠭᠡᠨ ᠨᠢᠭᠡᠳᠬᠡᠬᠦ ᠶᠢ ᠦᠨᠡᠨᠬᠦ ᠪᠠᠲᠤᠯᠠᠨ᠎ᠠ᠃ ᠶᠡᠭᠡ ᠶᠢ ᠡᠯᠰᠡᠨ ᠬᠦᠴᠦᠷᠬᠡᠭ ᠢ ᠲᠠᠲᠠᠬᠤ᠂ ᠰᠢᠨ᠎ᠡ ᠶᠢ ᠡᠯᠰᠡᠨ ᠰᠢᠯᠢᠳᠡᠭ ᠢ ᠣᠷᠣᠭᠤᠯᠬᠤ ᠶᠢ ᠪᠠᠷᠢᠮᠲᠠᠯᠠᠵᠤ᠂ ︽500 ᠬᠦᠴᠦᠷᠬᠡᠭ︾ ︽ᠭᠠᠭᠴᠠ ᠡᠪᠡᠷᠲᠦ ᠠᠷᠢᠶᠠᠲᠠᠨ︾ ︽ᠪᠥᠬᠦᠩ︾ ︽ᠲᠤᠰᠬᠠᠶ ᠨᠠᠷᠢᠯᠢᠭ ᠣᠨᠴᠠ ᠰᠢᠨ᠎ᠡ︾ ᠵᠡᠷᠭᠡ ᠠᠵᠤ ᠠᠬᠤᠶᠢᠯᠠᠯ ᠢ ᠴᠢᠩᠭ᠎ᠠ ᠠᠩᠬᠠᠷᠴᠤ᠂ ᠴᠢᠭᠯᠡᠯ ᠢᠶᠠᠨ ᠣᠨᠣᠪᠴᠢᠲᠠᠶ ᠰᠣᠩᠭᠤᠨ᠂ ᠡᠲᠡᠭᠡᠳ ᠢᠶᠠᠨ ᠣᠨᠣᠪᠴᠢᠲᠠᠶ ᠡᠷᠢᠵᠦ᠂ ᠨᠠᠷᠢᠯᠢᠭ ᠣᠨᠤᠪᠴᠢᠲᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠳᠥᠷᠪᠡᠨ ᠵᠦᠭ ᠨᠠᠢᠮᠠᠨ ᠵᠣᠪᠬᠢᠰ ᠠᠴᠠ ᠭᠠᠷᠴᠤ᠂ ᠤᠷᠢᠵᠤ ᠠᠪᠴᠢᠷᠠᠨ᠂ ᠰᠢᠨ᠎ᠡ ᠪᠠᠷ ᠣᠷᠣᠭᠤᠯᠤᠨ ᠠᠪᠴᠢᠷᠠᠵᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ ᠳᠥᠰᠦᠯ ᠢ 30 ᠠᠴᠠ ᠳᠡᠭᠡᠭᠰᠢ ᠨᠠᠶᠢᠳᠠᠪᠤᠷᠢᠵᠢᠭᠤᠯᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃    ᠬᠤᠳᠠᠯᠳᠤᠭᠠᠴᠢᠨ ᠢ ᠳᠣᠲᠣᠨᠣᠴᠢᠯᠠᠬᠤ ᠠᠵᠢᠯᠯᠠᠭ᠎ᠠ ᠶᠢ ᠶᠡᠬᠡᠪᠡᠷ ᠶᠠᠪᠤᠭᠳᠠᠭᠤᠯᠤᠨ᠎ᠠ᠃ ᠠᠵᠤ ᠠᠬᠤᠶᠢᠯᠠᠯ ᠤᠨ ︽ᠲᠠᠪᠤ ᠶᠢ ᠡᠷᠭᠢᠯᠡᠭᠦ︾ ᠶᠢᠨ ᠦᠢᠯᠡᠴᠢᠯᠡᠭᠡ ᠶᠢ ᠳᠡᠯᠭᠡᠷᠡᠭᠦᠯᠵᠦ᠂ ᠢᠷᠡᠮᠡᠭᠴᠡ ᠳᠠᠷᠤᠶ ᠡᠷᠭᠢᠯᠡᠭᠦ᠂ ᠲᠤᠰᠬᠠᠶ ᠬᠥᠮᠦᠨ ᠬᠠᠪᠰᠤᠷᠤᠨ ᠡᠷᠭᠢᠯᠡᠭᠦ᠂ ᠪᠦᠭᠦ ᠶᠠᠪᠤᠴᠠ ᠳᠤ ᠲᠡᠭᠠᠵᠦ ᠡᠷᠭᠢᠯᠡᠭᠦ᠂ ᠪᠦᠭᠦ ᠵᠢᠯ ᠳᠤ ᠡᠷᠭᠢᠯᠡᠭᠦ᠂ ᠪᠦᠭᠦ ᠬᠤᠳᠡ ᠳᠤ ᠨᠡᠶᠢᠳᠡᠮ ᠡᠷᠭᠢᠯᠡᠭᠦ᠂ ᠠᠵᠤ ᠠᠬᠤᠶᠢᠯᠠᠯ ᠢ ᠨᠢᠭᠡ ᠯᠡ ᠡᠭᠦᠳᠡᠨ ᠳᠤ ᠣᠷᠣᠭᠤᠯᠤᠨ᠂ ᠠᠯᠢᠪᠠ ᠶᠠᠪᠤᠳᠠᠯ ᠢ ᠴᠥᠮ ᠡᠷᠭᠢᠯᠡᠭᠦ᠃ ︽ᠵᠢᠦ ᠶᠤᠸᠠᠨ ᠤ ᠵᠠᠰᠠᠭ ᠠᠵᠤ ᠠᠬᠤᠶᠢᠯᠠᠯ ᠤᠨ ᠬᠤᠯᠪᠣᠭ᠎ᠠ ᠠᠪᠬᠤ ᠸᠢᠴᠠᠲ ᠤᠨ ᠪᠦᠯᠦᠭᠯᠡᠯ︾ ᠵᠡᠷᠭᠡ ᠨᠡᠪᠲᠡᠷᠡᠯᠴᠡᠬᠦ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ ᠰᠠᠷ᠎ᠠ ᠪᠦᠷᠢ ᠨᠠᠭᠠᠳᠤ ᠵᠠᠬ᠎ᠠ ᠳᠠᠭᠠᠨ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ 2 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠠᠵᠤ ᠠᠬᠤᠶᠢᠯᠠᠯᠲᠠᠨ ᠤ ᠰᠢᠭᠤᠳ ᠨᠡᠪᠲᠡᠷᠡᠬᠦ ᠲᠡᠷᠭᠡ︾ ᠭᠠᠷᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠠᠰᠠᠭᠤᠳᠠᠯ ᠤᠨ ᠡᠬᠡ ᠲᠠᠩᠰᠠ ᠶᠢ ᠬᠥᠳᠡᠯᠦᠩᠭᠦᠶ ᠪᠠᠷ ᠲᠡᠭᠦᠯᠳᠡᠷᠵᠢᠭᠦᠯᠵᠦ᠂ ᠠᠰᠠᠭᠤᠳᠠᠯ ᠢ ᠴᠤᠭᠯᠠᠭᠤᠯᠤᠨ ᠬᠠᠷᠢᠭᠤ ᠲᠤᠰᠬᠠᠵᠤ ᠰᠢᠢᠳᠪᠤᠷᠢᠯᠡᠬᠦ ᠲᠣᠭᠲᠠᠴᠠ ᠶᠢ ᠰᠢᠯᠢᠳᠡᠭᠵᠢᠭᠦᠯᠦᠨ᠂ ᠪᠥᠬᠦ ᠦᠶᠡᠯᠡᠯ ᠤᠨ ᠬᠤᠭᠤᠴᠠᠭ᠎ᠠ᠂ ᠪᠥᠬᠦ ᠴᠤᠪᠤᠷᠠᠯ ᠤᠨ ᠴᠢᠨᠠᠷ ᠰᠠᠶᠢᠲᠠᠶ ᠳᠥᠰᠦᠯ ᠤᠨ ᠦᠢᠯᠡᠴᠢᠯᠡᠭᠡ ᠶᠢ ᠬᠠᠩᠭᠠᠵᠤ᠂ ᠦᠢᠯᠡᠴᠢᠯᠡᠭᠡᠨ ᠤ ᠪᠢᠲᠡᠭᠦᠦ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ︽ᠲᠠᠨ ᠤ ᠰᠠᠨᠠᠭᠠᠨ ᠳᠤ ᠨᠡᠶᠢᠴᠡᠬᠦ ᠶᠢ ᠳᠠᠭᠠᠭᠠᠬᠤ︾ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠬᠠᠮᠤᠭ ᠤᠨ ᠬᠠᠩᠭᠢᠨᠠᠮ᠎ᠠ ᠵᠢᠦ ᠶᠤᠸᠠᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃    ᠯᠢᠦ ᠵᠢᠶᠦ᠋ᠨ ᠢ᠄ ︽ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠬᠢᠨ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠣᠳᠣᠬᠢᠴᠢᠯᠠᠭᠰᠠᠨ ᠭᠤᠣᠯ ᠬᠤᠳᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠵᠠᠮ ᠳᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠰᠢᠨ᠎ᠡ ᠬᠠᠭᠤᠳᠠᠰᠤ ᠶᠢ ᠪᠢᠴᠢᠭᠯᠡᠵᠦ᠂ ᠭᠠᠯ ᠤᠯᠠᠭᠠᠨ ᠤᠨ ᠵᠢᠯ ᠢ ᠲᠠᠬᠢᠨ ᠢᠯᠡᠷᠡᠭᠦᠯᠵᠦ᠂ ᠪᠤᠭᠤᠲᠤ ᠶᠢᠨ ᠰᠦᠷ ᠵᠢᠪᠬᠤᠯᠠᠩᠲᠤ ᠰᠠᠯᠬᠢᠨ ᠤ ᠳᠤᠮᠳᠠ ᠵᠢᠦ ᠶᠤᠸᠠᠨ ᠤ ᠡᠭᠦᠷᠭᠡᠯᠡᠯ ᠢ ᠢᠯᠡᠷᠡᠭᠦᠯᠵᠦ᠂ ᠵᠢᠥ ᠶᠤᠸᠠᠨ ᠤ ᠬᠤᠪᠢ ᠨᠡᠮᠡᠷᠢ ᠶᠢ ᠦᠵᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号