ᠵᠢᠮᠢᠰ ᠤᠨ ᠬᠦᠷᠢᠶᠡᠯᠡᠩ ᠭᠡᠷ ᠬᠤᠷᠢᠶᠠᠯᠠᠯ᠄ ᠪᠥᠬᠦ ᠠᠷᠠᠳ ᠢᠶᠠᠷ ᠢᠶᠠᠨ ᠣᠷᠣᠯᠴᠠᠵᠤ᠂ ᠬᠤᠭ ᠨᠣᠪᠰᠢ ᠶᠢ ᠲᠥᠷᠥᠯ ᠬᠤᠪᠢᠶᠠᠬᠤ
ᠨᠡᠶᠢᠲᠡᠯᠡᠭᠰᠡᠨ ᠴᠠᠭ᠄
2023/10/11
C:\Users\Administrator\Desktop\新闻照片\10.jpg
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠦᠵᠡᠯᠲᠡ ᠶᠢ ᠦᠷᠭᠦᠯᠵᠢᠯᠡᠨ ᠴᠢᠩᠭᠠᠳᠬᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 9᠎ ᠤ ᠡᠳᠦᠷ᠂ ᠵᠢᠮᠢᠰ ᠤᠨ ᠬᠦᠷᠢᠶᠡᠯᠡᠩ ᠭᠡᠷ ᠬᠤᠷᠢᠶᠠᠯᠠᠯ ︽ᠪᠥᠬᠦ ᠠᠷᠠᠳ ᠢᠶᠠᠷ ᠢᠶᠠᠨ ᠣᠷᠣᠯᠴᠠᠵᠤ᠂ ᠬᠤᠭ ᠨᠣᠪᠰᠢ ᠶᠢ ᠲᠥᠷᠥᠯ ᠬᠤᠪᠢᠶᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠪᠠ᠃
C:\Users\Administrator\Desktop\新闻照片\11.jpg
    ᠲᠣᠣᠷᠵᠢᠯ ᠤᠨ ᠬᠠᠮᠢᠶᠠᠷᠤᠭᠴᠢ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠵᠢᠭ ᠲᠠᠯᠠᠪᠠᠢ ᠵᠢᠴᠢ ᠬᠠᠷᠢᠶ᠎ᠠ ᠣᠷᠣᠨ ᠤ ᠨᠢᠭᠡᠴᠢ ᠠᠰᠠᠷ ᠵᠡᠷᠭᠡ ᠬᠥᠮᠦᠨ ᠠᠮᠠ ᠨᠡᠯᠢᠶᠡᠳ ᠣᠯᠠᠨ ᠭᠠᠵᠠᠷ ᠲᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠬᠠᠮᠢᠶ᠎ᠠ ᠪᠦᠬᠦᠢ ᠮᠡᠳᠡᠯᠭᠡ ᠪᠣᠯᠤᠨ ᠬᠤᠭ ᠨᠣᠪᠰᠢ ᠶᠢ ᠲᠥᠷᠥᠯ ᠬᠤᠪᠢᠶᠠᠬᠤ ᠠᠴᠢ ᠬᠤᠯᠪᠣᠭᠳᠠᠯ ᠢ ᠲᠠᠶᠢᠯᠪᠤᠷᠢᠯᠠᠵᠤ᠂ ᠰᠠᠭᠤᠭᠠᠯᠢ ᠠᠷᠠᠳ ᠢ ᠵᠢᠯᠣᠭᠤᠳᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠵᠥᠪ ᠣᠨᠣᠪᠴᠢᠲᠠᠶ ᠰᠠᠶᠢᠲᠤᠷ ᠬᠢᠬᠦ ᠬᠡᠷᠡᠭᠲᠡᠶ ᠭᠡᠵᠦ ᠵᠢᠯᠤᠭᠤᠳᠪᠠ᠃
C:\Users\Administrator\Desktop\新闻照片\12.jpg
    ᠬᠤᠭ ᠨᠣᠪᠰᠢ ᠶᠢ ᠲᠥᠷᠥᠯ ᠬᠤᠪᠢᠶᠠᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠦᠢᠯᠡ ᠠᠵᠢᠯᠯᠠᠭ᠎ᠠ ᠶᠢ ᠳᠠᠳᠬᠠᠯ ᠲᠠᠢ ᠪᠣᠯᠭᠠᠵᠤ᠂ ᠮᠠᠨ ᠤ ᠪᠣᠬᠢᠷᠲᠤᠯ ᠦᠭᠡᠢ ᠡᠶ᠎ᠡ ᠵᠣᠬᠢᠴᠠᠯ ᠲᠠᠢ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠤᠶ᠎ᠠ︕
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号