︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠳᠠᠬᠢ ᠳᠡᠮᠵᠢᠯᠭᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/10/20
ᠨᠢᠭᠡ᠂ ᠨᠡᠶᠢᠲᠡᠯᠡᠭᠰᠡᠨ ᠠᠬᠤᠢ ᠪᠠᠶᠢᠳᠠᠯ     ᠨᠠᠶᠢᠳᠠᠨ ᠰᠠᠭᠠᠲᠠᠭᠤᠯᠬᠤ ᠦᠢᠯᠡᠴᠢᠯᠡᠭᠡ ᠪᠣᠯ ᠠᠮᠢ ᠨᠠᠰᠤᠨ ᠤ ᠪᠥᠬᠦ ᠦᠶᠡᠯᠡᠯ ᠳᠠᠬᠢ ᠦᠢᠯᠡᠴᠢᠯᠡᠭᠡ ᠬᠠᠮᠢᠶᠠᠷᠤᠯᠲᠠ ᠶᠢᠨ ᠴᠢᠬᠤᠯᠠ ᠠᠭᠤᠯᠭ᠎ᠠ ᠶᠤᠮ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠶᠢ ᠨᠢ ᠢᠳᠡᠪᠬᠢᠲᠡᠢ ᠪᠠᠷ ᠵᠣᠷᠢᠭᠵᠢᠭᠤᠯᠵᠤ᠂ ᠪᠠᠯᠴᠢᠷ ᠪᠠᠭ᠎ᠠ ᠨᠠᠰᠤᠨ ᠤ ᠬᠡᠦᠬᠡᠳ ᠤᠳ ᠤᠨ ᠬᠤᠭᠤᠯᠠ ᠤᠮᠳᠠ ᠰᠢᠮ᠎ᠡ ᠲᠡᠵᠢᠭᠡᠯ᠂ ᠦᠰᠦᠨ ᠪᠤᠶᠢᠵᠢᠯᠲᠠ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ᠂ ᠠᠰᠠᠷᠠᠨ ᠬᠠᠷᠠᠭᠠᠯᠵᠠᠬᠤ ᠵᠡᠷᠭᠡ ᠲᠠᠯ᠎ᠠ ᠪᠠᠷ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠠᠵᠢᠯᠲᠠᠳ ᠤᠨ ᠪᠣᠯᠪᠠᠰᠤᠷᠠᠯ ᠢ ᠴᠢᠩᠭᠠᠳᠬᠠᠨ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠭᠤᠨ ᠬᠥᠭᠵᠢᠯᠲᠡ ᠶᠢ ᠠᠬᠢᠭᠤᠯᠤᠭᠰᠠᠨ ᠠᠴᠠ ᠪᠠᠯᠴᠢᠷ ᠪᠠᠭ᠎ᠠ ᠨᠠᠰᠤᠨ ᠤ ᠬᠡᠦᠬᠡᠳ ᠤᠳ ᠤᠨ ᠭᠡᠷ ᠤᠨ ᠠᠬᠠᠮᠠᠳ ᠪᠠ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠰᠠᠶᠢᠨ ᠦᠨᠡᠯᠡᠯᠲᠡ ᠶᠢ ᠣᠯᠵᠠᠢ᠃ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠨᠡᠶᠢᠳᠡᠮ ᠳᠤ ᠠᠰᠢᠭ ᠬᠦᠷᠲᠡᠭᠡᠬᠦ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠶᠡᠭᠡ ᠪᠠᠷ ᠬᠥᠭᠵᠢᠭᠦᠯᠦᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠬᠤ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠲᠠᠢ ᠬᠠᠮᠲᠤᠷᠠᠨ ᠡᠯ᠎ᠡ ᠭᠠᠵᠠᠷ ᠤᠨ ᠲᠤᠷᠰᠢᠯᠭ᠎ᠠ ᠨᠤᠭᠤᠳ ᠢ ᠳ᠋ᠦᠩᠨᠡᠭᠰᠡᠨ ᠰᠠᠭᠤᠷᠢᠨ ᠳᠡᠭᠡᠷ᠎ᠡ᠂︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠳᠠᠬᠢ ᠳᠡᠮᠵᠢᠯᠡᠭᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠪᠠ︶᠎ ᠢ ᠲᠣᠭᠲᠠᠭᠠᠨ ᠨᠡᠶᠢᠲᠡᠯᠡᠪᠡ᠃ᠬᠤᠶᠠᠷ᠂ ᠭᠤᠣᠯ ᠠᠭᠤᠯᠭ᠎ᠠ     ︽ᠵᠢᠯᠤᠭᠤᠳᠬᠤ ᠰᠠᠨᠠᠯ︾᠎ ᠳᠤ ᠨᠡᠶᠢᠲᠡ ᠨᠠᠢᠮᠠᠨ ᠠᠭᠤᠯᠭ᠎ᠠ ᠲᠠᠢ᠃ ᠨᠢᠭᠡ ᠳᠤ᠂ ᠵᠠᠬᠢᠶᠠᠯᠠᠭ᠎ᠠ ᠶᠢᠨ ᠵᠥᠪᠯᠡᠯᠴᠡᠭᠡᠷ ᠲᠣᠭᠲᠠᠬᠤ ᠦᠢᠯᠡᠴᠢᠯᠡᠭᠡ ᠶᠢ ᠥᠷᠨᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ ᠵᠥᠪᠯᠡᠯᠴᠡᠭᠡᠷ ᠲᠣᠭᠲᠠᠬᠤ ᠡᠲᠡᠭᠡᠳ ᠢᠶᠠᠨ ᠪᠣᠯᠭᠠᠨ᠂ ᠦᠢᠯᠡᠴᠢᠯᠡᠭᠡᠨ ᠤ ᠵᠥᠪᠯᠡᠯᠴᠡᠭᠡᠷ ᠲᠣᠭᠲᠠᠵᠤ᠂ ᠪᠠᠯᠴᠢᠷ ᠪᠠᠭ᠎ᠠ ᠨᠠᠰᠤᠨ ᠤ ᠬᠡᠦᠬᠡᠳ ᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠦᠢᠯᠡᠴᠢᠯᠡᠭᠡ ᠥᠷᠨᠢᠭᠦᠯᠦᠨ᠎ᠡ᠃ ᠬᠤᠶᠠᠷ ᠲᠤ᠂ ᠬᠡᠦᠬᠡᠳ ᠤᠳ ᠢ ᠠᠰᠠᠷᠠᠨ ᠬᠠᠷᠠᠭᠠᠯᠵᠠᠬᠤ ᠲᠠᠯ᠎ᠠ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠰᠢᠶᠠᠨ ᠤ ᠱᠠᠲᠤᠨ ᠤ ᠡᠬᠡ ᠨᠢᠯᠬᠠᠰ ᠤᠨ ᠰᠤᠪᠢᠯᠠᠯᠲᠠ ᠶᠢᠨ ᠪᠠᠶᠢᠭᠤᠯᠤᠮᠵᠢ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠲᠠᠢ ᠬᠠᠷᠢᠯᠴᠠᠨ᠂ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤ ᠨᠢ ᠬᠦᠷᠴᠦ ᠲᠤᠰᠢᠶᠠᠯᠴᠠᠬᠤ ᠪᠠ ᠵᠢᠯᠣᠭᠤᠳᠤᠨ᠎ᠠ᠃ ᠭᠤᠷᠪᠠ ᠳᠤ᠂ ᠬᠢᠲᠠᠳ ᠡᠮ ᠡᠮᠨᠡᠯᠭᠡ ᠶᠢᠨ ᠳᠠᠪᠠᠭᠤᠯᠢᠭ ᠣᠨᠴᠠᠯᠢᠭ ᠢ ᠪᠠᠳᠠᠷᠠᠭᠤᠯᠤᠨ᠎ᠠ᠃ ᠬᠢᠲᠠᠳ ᠡᠮᠨᠡᠯᠭᠡ ᠶᠢᠨ ᠬᠤᠷᠢᠶ᠎ᠠ ᠳᠤᠮᠳᠠᠳᠤ ᠶᠢᠨ ᠤᠯᠠᠮᠵᠢᠯᠠᠯᠲᠤ ᠰᠢᠯᠢᠳᠡᠭ ᠡᠮ ᠡᠮᠨᠡᠯᠭᠡ ᠶᠢᠨ ᠰᠣᠶᠣᠯ ᠢ ᠬᠥᠭᠵᠢᠭᠦᠯᠦᠨ ᠳᠡᠯᠭᠡᠷᠡᠭᠦᠯᠵᠦ᠂ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠲᠠᠢ ᠢᠳᠡᠪᠬᠢᠲᠡᠢ ᠪᠠᠷ ᠬᠠᠮᠲᠤᠷᠠᠨ᠂ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠦᠨ᠎ᠡ᠃ ᠳᠥᠷᠪᠡ ᠳᠤ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠠᠵᠢᠯ ᠳᠠᠬᠢ ᠬᠢᠨᠠᠯᠲᠠ ᠪᠠᠶᠢᠴᠠᠭᠠᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃ ᠲᠠᠪᠤ ᠳᠤ᠂ ᠬᠤᠯᠪᠣᠭᠳᠠᠯ ᠪᠦᠬᠦᠢ ᠳᠡᠮᠵᠢᠬᠦ ᠲᠦᠷᠦ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡ ᠥᠷᠨᠢᠭᠦᠯᠬᠦ ᠳᠤ ᠨᠢ ᠲᠠᠯᠠᠪᠤᠷ᠂ ᠠᠵᠢᠯᠲᠠᠨ᠂ ᠵᠠᠷᠤᠳᠠᠯ ᠵᠡᠷᠭᠡ ᠲᠠᠯ᠎ᠠ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠪᠠ᠃ ᠵᠢᠷᠭᠤᠭ᠎ᠠ ᠳᠤ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ ︽ᠬᠤᠶᠠᠷ ᠢ ᠲᠠᠰᠢᠷᠠᠮ ᠢᠶᠠᠷ ᠰᠤᠭᠤᠴᠢᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ ᠪᠠᠶᠢᠩᠭᠤ ᠪᠠᠶᠢᠴᠠᠭᠠᠨ᠎ᠠ᠃ ᠲᠤᠯᠤᠭ᠎ᠠ ᠳᠤ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠠᠳᠬᠤᠨ᠎ᠠ᠃ ᠲᠤᠷᠰᠢᠯᠭ᠎ᠠ ᠶᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠵᠢᠱᠢᠶ᠎ᠡ ᠦᠵᠡᠭᠦᠯᠦᠨ ᠳᠠᠭᠠᠭᠤᠯᠬᠤ᠂ ᠳᠠᠶᠢᠴᠢᠯᠠᠨ ᠨᠥᠯᠥᠭᠡᠯᠡᠬᠦ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠠᠢᠮᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠪᠣᠳᠠᠲᠠᠢ ᠲᠠᠢ ᠪᠠᠨ ᠤᠶᠠᠯᠳᠤᠭᠤᠯᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠵᠠᠬᠢᠶᠠᠯᠠᠭ᠎ᠠ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠲᠣᠭᠲᠠᠭᠠᠨ᠎ᠠ᠃ᠭᠤᠷᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ     ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠤᠨ᠂ ᠵᠠᠬᠢᠶᠠᠯᠠᠭ᠎ᠠ ᠶᠢᠨ ᠵᠥᠪᠯᠡᠯᠴᠡᠭᠡᠷ ᠲᠣᠭᠲᠠᠬᠤ ᠦᠢᠯᠡᠴᠢᠯᠡᠭᠡᠨ ᠤ ᠲᠥᠰᠥᠯ ᠤᠨ ᠲᠣᠳᠣᠷᠬᠠᠢ ᠬᠠᠭᠤᠳᠠᠰᠤ ᠶᠢ ᠲᠣᠭᠲᠠᠭᠠᠵᠤ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠶᠡᠭᠡ ᠪᠠᠷ ᠠᠬᠢᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠦᠬᠡᠳ ᠢ ᠰᠤᠪᠢᠯᠠᠨ ᠲᠣᠷᠳᠠᠬᠤ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ᠂ ᠬᠡᠦᠬᠡᠳ ᠢ ᠣᠨᠣᠰᠢᠯᠠᠨ ᠡᠮᠨᠡᠬᠦ ᠵᠡᠷᠭᠡ ᠲᠠᠯ᠎ᠠ ᠶᠢᠨ ᠮᠡᠷᠭᠡᠵᠢᠯ ᠤᠨ ᠴᠢᠳᠠᠪᠤᠷᠢᠲᠠᠨ ᠪᠠ ᠡᠬᠢ ᠪᠠᠶᠠᠯᠢᠭ ᠤᠨ ᠳᠠᠪᠠᠭᠤᠯᠢᠭ ᠲᠠᠢ᠂ ᠤᠯᠤᠰ ᠤᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠪᠠᠯᠴᠢᠷ ᠪᠠᠭ᠎ᠠ ᠨᠠᠰᠤᠨ ᠤ ᠬᠡᠦᠬᠡᠳ ᠤᠨ ᠰᠤᠪᠢᠯᠠᠯᠲᠠ ᠲᠠᠢ ᠬᠤᠯᠪᠣᠭᠳᠠᠬᠤ ᠲᠥᠰᠥᠯ ᠤᠨ ᠱᠠᠭᠠᠷᠳᠠᠯᠭ᠎ᠠ ᠪᠠ ᠵᠠᠷᠤᠳᠠᠯ ᠤᠨ ᠳᠡᠮᠵᠢᠯᠭᠡ ᠲᠠᠢ᠂ ᠵᠢᠶᠠᠩᠰᠢ᠂ ᠵᠧᠵᠢᠶᠠᠩ ᠵᠡᠷᠭᠡ ᠮᠤᠵᠢ ᠣᠷᠣᠨ ᠨᠤᠭᠤᠳ ᠲᠤ ᠨᠡᠯᠢᠶᠡᠳ ᠤᠯᠠᠨ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠭᠰᠠᠨ ᠠᠴᠠ ᠲᠦᠷᠦ ᠶᠢᠨ ᠪᠣᠳᠣᠯᠭ᠎ᠠ ᠶᠢ ᠤᠷᠤᠭᠰᠢᠲᠠᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠳᠤ ᠪᠠᠯᠴᠢᠷ ᠪᠠᠭ᠎ᠠ ᠨᠠᠰᠤᠨ ᠤ ᠬᠡᠦᠬᠡᠳ ᠤᠳ ᠣᠯᠠᠨ ᠪᠥᠭᠡᠳ ᠴᠤᠭᠯᠠᠷᠠᠬᠤ ᠬᠥᠮᠥᠰ ᠨᠢ ᠨᠡᠯᠢᠶᠡᠳ ᠣᠨᠴᠠᠭᠠᠶ ᠪᠠᠶᠢᠳᠠᠭ ᠪᠣᠯᠬᠤᠷ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠡᠮᠵᠢᠯᠭᠡ ᠪᠠ ᠵᠢᠯᠣᠭᠤᠳᠤᠯᠭ᠎ᠠ ᠪᠠᠨ ᠴᠢᠩᠭᠠᠳᠬᠠᠬᠤ ᠴᠢᠬᠤᠯᠠᠲᠠᠢ ᠶᠤᠮ᠃ ᠴᠥᠭᠡᠨ ᠪᠤᠰᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠤᠯᠤᠰ ᠤᠨ ᠤᠷᠢᠶᠠᠯᠠᠭ᠎ᠠ ᠶᠢ ᠳᠠᠭᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠭᠠᠳ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ ᠪᠠᠶᠢᠭᠤᠯᠤᠭᠰᠠᠨ ᠪᠠᠶᠢᠨ᠎ᠠ᠃ ᠵᠢᠷᠤᠮᠵᠢᠯ ᠲᠠᠢ ᠪᠠᠷ ᠠᠵᠢᠯᠯᠠᠭᠤᠯᠬᠤ᠂ ᠨᠡᠶᠢᠲᠡᠯᠢᠭ ᠵᠢᠱᠢᠶ᠎ᠡ ᠪᠠᠷ ᠵᠠᠮᠴᠢᠯᠠᠭᠤᠯᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠳᠠᠶᠢᠴᠢᠯᠠᠬᠤ ᠪᠠ ᠬᠥᠲᠥᠯᠥᠨ ᠳᠠᠭᠠᠭᠤᠯᠬᠤ ᠬᠡᠷᠡᠭᠲᠡᠢ᠃     ᠲᠠᠷᠠᠭᠠᠴᠢ ᠪᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠪᠠ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠤᠬᠠᠭᠤᠯᠤᠨ ᠲᠠᠶᠢᠯᠪᠤᠷᠢᠯᠠᠬᠤ᠂ ᠠᠵᠢᠯᠲᠠᠳ ᠢ ᠪᠣᠯᠪᠠᠰᠤᠷᠠᠭᠤᠯᠬᠤ ᠪᠠ ᠬᠢᠨᠠᠨ ᠵᠢᠯᠤᠭᠤᠳᠴᠤ ᠪᠠᠶᠢᠴᠠᠭᠠᠨ ᠰᠤᠳᠤᠯᠬᠤ ᠵᠡᠷᠭᠡ ᠠᠵᠢᠯ ᠢᠶᠠᠨ ᠴᠢᠩᠭᠠᠳᠬᠠᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠤᠳ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠵᠦ᠂ ︽ᠵᠢᠯᠤᠭᠤᠳᠬᠤ ᠰᠠᠨᠠᠯ︾᠎ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号