ᠨᠣᠬᠠᠶ ᠲᠡᠵᠢᠭᠡᠬᠦ ᠤᠬᠠᠭᠤᠯᠭ᠎ᠠ ᠶᠢ ᠭᠡᠷ ᠬᠤᠷᠢᠶᠠᠯᠠᠯ ᠲᠤ ᠣᠷᠣᠭᠤᠯᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠶᠢ ᠬᠥᠮᠦᠰ ᠤᠨ ᠰᠡᠳᠬᠢᠯ ᠳᠤ ᠣᠷᠣᠭᠤᠯᠪᠠ — ᠰᠠᠶᠢᠬᠠᠨ ᠵᠡᠭᠡᠯᠢ ᠭᠤᠳᠤᠮᠵᠢ ᠶᠢᠨ ᠵᠢᠶᠠᠨ ᠬᠤᠸᠠ ᠭᠡᠷ ᠬᠤᠷᠢᠶᠠᠯᠠᠯ
ᠨᠡᠶᠢᠲᠡᠯᠡᠭᠰᠡᠨ ᠴᠠᠭ᠄
2023/10/24
C:\Users\Administrator\Desktop\新闻照片\1.jpg
    ᠰᠠᠭᠤᠭᠠᠯᠢ ᠠᠷᠠᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠨᠣᠬᠠᠶ ᠲᠡᠵᠢᠭᠡᠬᠦ ᠶᠢ ᠰᠠᠨᠠᠭᠠᠴᠢᠯᠠᠵᠤ᠂ ᠰᠠᠶᠢᠨ ᠰᠠᠶᠢᠬᠠᠨ ᠣᠯᠠᠨ ᠨᠡᠶᠢᠲᠡ ᠶᠢᠨ ᠣᠷᠴᠢᠨ ᠲᠣᠭᠤᠷᠢᠨ ᠪᠠ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ 10 ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨ᠎ᠠ᠂ ᠵᠢᠶᠠᠨ ᠬᠤᠸᠠ ᠭᠡᠷ ᠬᠤᠷᠢᠶᠠᠯᠠᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠰᠢᠨ ᠢ ᠰᠠᠶᠢᠨ  ᠳᠤᠷ᠎ᠠ ᠤᠨ ᠠᠵᠢᠯᠯᠠᠭᠴᠢ ᠲᠠᠢ ᠬᠠᠮᠲᠤᠷᠠᠨ ︽ᠨᠣᠬᠠᠶ ᠲᠡᠵᠢᠭᠡᠬᠦ ᠤᠬᠠᠭᠤᠯᠭ᠎ᠠ ᠶᠢ ᠭᠡᠷ ᠬᠤᠷᠢᠶᠠᠯᠠᠯ ᠲᠤ ᠣᠷᠣᠭᠤᠯᠵᠤ ᠂ ᠪᠣᠯᠪᠠᠰᠤᠨ ᠢᠶᠠᠷ ᠨᠣᠬᠠᠶ ᠲᠡᠵᠢᠭᠡᠬᠦ ᠶᠢ ᠬᠥᠮᠦᠰ ᠤᠨ ᠰᠡᠳᠬᠢᠯ ᠳᠤ ᠣᠷᠤᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
C:\Users\Administrator\Desktop\新闻照片\2.jpg
    ᠰᠠᠶᠢᠨ ᠳᠤᠷ᠎ᠠ ᠶᠢᠨ ᠠᠵᠢᠯᠯᠠᠭᠰᠠᠳ ᠬᠠᠷᠢᠶ᠎ᠠ ᠣᠷᠣᠨ ᠳᠠᠭᠠᠨ ᠭᠦᠨᠵᠡᠭᠡᠶᠢᠷᠡᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠣᠬᠠᠶ ᠲᠡᠵᠢᠭᠡᠨ  ᠪᠠᠭᠠᠰᠤ ᠴᠡᠪᠡᠷᠯᠡᠬᠦ ᠤᠭᠤᠲᠠ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠪᠣᠯᠪᠠᠰᠤᠨ ᠢᠶᠠᠷ ᠨᠣᠬᠠᠶ ᠲᠡᠵᠢᠭᠡᠬᠦ ᠬᠢᠴᠢᠶᠡᠯ︾᠎ ᠢ ᠵᠢᠵᠢᠭ ᠲᠣᠭᠤᠷᠢᠭ ᠲᠤ ᠣᠷᠣᠭᠤᠯᠵᠤ᠂ ᠬᠠᠷᠢᠶ᠎ᠠ ᠣᠷᠣᠨ ᠤ ᠴᠡᠪᠡᠷ ᠲᠡᠭᠰᠢ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠨᠣᠬᠠᠶ ᠲᠡᠵᠢᠭᠡᠬᠦ ᠠᠭᠤᠷ ᠠᠮᠢᠰᠬᠤᠯ ᠢ ᠪᠣᠶ ᠪᠣᠯᠭᠠᠨ᠎ᠠ᠃ ᠵᠢᠵᠢᠭ ᠲᠣᠭᠤᠷᠢᠭ ᠲᠤ᠂ ᠰᠠᠶᠢᠨ ᠳᠤᠷ᠎ᠠ ᠶᠢᠨ ᠠᠵᠢᠯᠯᠠᠭᠰᠠᠳ ᠠᠳᠠᠯ ᠠᠬᠤᠶ ᠶᠢᠨ ᠺᠣᠮᠫᠠᠨᠢ ᠶᠢᠨ ᠠᠵᠢᠯᠲᠠᠳ ᠲᠠᠢ ᠬᠠᠮᠲᠤᠷᠠᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠪᠣᠯᠤᠨ ᠨᠣᠬᠠᠶ ᠲᠡᠵᠢᠭᠡᠭᠴᠢᠳ ᠲᠤ ︽ᠪᠣᠯᠪᠠᠰᠤᠨ ᠢᠶᠠᠷ ᠨᠣᠬᠠᠶ ᠲᠡᠵᠢᠭᠡᠬᠦ ᠰᠠᠨᠠᠭᠠᠴᠢᠯᠠᠭ᠎ᠠ ᠶᠢᠨ ᠪᠢᠴᠢᠭ︾ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠪᠣᠯᠪᠠᠰᠤᠨ ᠢᠶᠠᠷ ᠨᠣᠬᠠᠶ ᠲᠡᠵᠢᠭᠡᠬᠦ ᠬᠠᠮᠢᠶ᠎ᠠ ᠪᠥᠬᠦᠶ ᠮᠡᠳᠡᠯᠭᠡ ᠵᠢᠴᠢ ᠠᠩᠬᠠᠷᠬᠤ ᠵᠦᠢᠯᠡᠰ ᠢ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ ᠠᠷᠠᠳ ᠲᠤ ᠭᠡᠷ ᠠᠴᠠ ᠪᠠᠨ ᠭᠠᠷᠴᠤ ᠨᠣᠬᠠᠶ ᠪᠠᠨ ᠲᠣᠭᠤᠷᠢᠭᠤᠯᠬᠤ ᠳᠠᠭᠠᠨ ᠳᠡᠭᠡᠰᠦ ᠲᠠᠲᠠᠬᠤ ᠬᠡᠷᠡᠭᠲᠡᠶ᠂ ᠬᠡᠤᠬᠡᠳ᠂ ᠨᠠᠰᠤᠲᠠᠨ᠂ ᠵᠢᠷᠮᠦᠰᠦᠨ ᠡᠮᠡᠭᠲᠡᠶ ᠵᠡᠷᠭᠡ ᠣᠨᠴᠠᠭᠠᠶ ᠬᠠᠮᠲᠤᠯᠢᠭ ᠢ ᠰᠠᠨᠠᠭᠠᠴᠢᠯᠠᠭ᠎ᠠ ᠠᠴᠠ ᠪᠠᠨ ᠵᠠᠶᠢᠯᠠᠭᠤᠯᠤᠨ ᠨᠣᠬᠠᠶ ᠶᠢᠨ ᠪᠠᠭᠠᠰᠤ ᠰᠢᠭᠡᠰᠦ ᠶᠢ ᠴᠠᠭ ᠲᠤᠬᠠᠶ ᠳᠤᠨᠢ ᠴᠡᠪᠡᠷᠯᠡᠭᠦᠯᠵᠦ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠲᠤ ᠪᠠᠷ ᠬᠠᠮᠠᠭᠠᠯᠠᠨ᠂ ᠨᠣᠬᠠᠶ ᠬᠤᠴᠠᠬᠤ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠨᠢᠭᠡᠨ ᠨᠠᠮ ᠰᠡᠯᠡᠭᠦᠨ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠮᠡᠳᠡᠭᠳᠡᠵᠡᠶ᠃     ᠨᠣᠬᠠᠶ ᠲᠡᠵᠢᠭᠡᠬᠦ ᠳᠡᠭᠡᠨ ᠴᠦ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ ᠬᠡᠷᠡᠭᠲᠡᠶ᠂ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠂ ᠲᠡᠭᠦᠨ ᠤ ᠠᠮᠢ ᠨᠠᠰᠤ ᠶᠢ ᠬᠦᠨᠳᠦᠳᠬᠡᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠨᠣᠬᠠᠶ ᠳᠤ ᠸᠠᠺᠼᠢᠨ ᠤ ᠲᠠᠷᠢᠯᠭ᠎ᠠ ᠬᠢᠵᠦ᠂ ᠨᠣᠬᠠᠶ ᠲᠡᠵᠢᠭᠡᠬᠦ ᠭᠡᠷ ᠪᠦᠯᠢ ᠶᠢᠨ ᠪᠦᠷᠢᠯᠳᠦᠬᠦᠨ ᠤ ᠡᠷᠡᠭᠦᠯ ᠮᠡᠨᠳᠦ ᠪᠠ ᠨᠣᠬᠠᠶ ᠶᠢᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ᠃ ᠰᠠᠶᠢᠨ ᠳᠤᠷ᠎ᠠ ᠶᠢᠨ ᠠᠵᠢᠯᠯᠠᠭᠴᠢᠳ ᠤᠨ ᠨᠢᠭᠤᠷᠲᠠᠨ ᠤᠬᠠᠭᠤᠯᠵᠤ ᠲᠠᠶᠢᠯᠪᠤᠷᠢᠯᠠᠬᠤ ᠪᠠᠷ ᠳᠡᠮᠵᠢᠨ᠂ ᠰᠢᠨᠵᠢᠯᠡᠬᠦ ᠤᠬᠠᠭᠠᠨᠴᠢ ᠪᠠᠷ ᠨᠣᠬᠠᠶ ᠰᠤᠷᠭᠠᠬᠤ ᠤᠷ᠎ᠠ ᠮᠡᠷᠭᠡᠵᠢᠯ ᠪᠠ ᠠᠷᠭ᠎ᠠ ᠶᠢ ᠬᠤᠪᠢᠶᠠᠯᠴᠠᠨ ᠡᠳ᠋ᠯᠡᠵᠦ᠂  ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠬᠠᠤᠯᠢ ᠶᠣᠰᠣᠭᠠᠷ ᠨᠣᠬᠠᠶ ᠲᠡᠵᠢᠭᠡᠬᠦ᠂ ᠪᠣᠯᠪᠠᠰᠤᠨ ᠢᠶᠠᠷ ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠠᠵᠢᠯᠯᠠᠭ᠎ᠠ ᠨᠢ ᠡᠴᠦᠰ ᠲᠡᠭᠡᠨ ᠰᠢᠨ ᠢ ᠰᠠᠶᠢᠨ ᠳᠤᠷ᠎ᠠ ᠶᠢᠨ ᠠᠵᠢᠯᠯᠠᠭᠴᠢ ᠳᠤ ᠰᠢᠨ ᠢ ᠬᠤᠷᠠᠮᠳᠤᠯ ᠬᠤᠪᠢ ᠣᠯᠭᠤᠵᠤ᠂ ᠨᠡᠩ ᠤᠯᠠᠨ ᠰᠠᠭᠤᠭᠠᠯᠢ ᠠᠷᠠᠳ ᠢ ᠰᠢᠨ ᠢ ᠶᠢᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠶᠢ ᠰᠠᠨᠠᠭᠠᠴᠢᠯᠠᠪᠠ᠃
C:\Users\Administrator\Desktop\新闻照片\3.jpg
    ᠵᠢᠶᠠᠨ ᠬᠤᠸᠠ ᠭᠡᠷ ᠬᠤᠷᠢᠶᠠᠯᠠᠯ ᠤᠨ ᠬᠢᠨ ᠪᠣᠯᠪᠠᠰᠤᠨ ᠢᠶᠠᠷ ᠨᠣᠬᠠᠢ ᠲᠡᠵᠢᠭᠡᠬᠦ ᠶᠢ ᠭᠡᠷ ᠬᠤᠷᠢᠶᠠᠯᠠᠯ ᠲᠤ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠢᠳᠡᠪᠬᠢᠲᠡᠢ ᠥᠷᠨᠢᠭᠦᠯᠵᠦ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ᠂ ᠪᠡᠶ᠎ᠡ ᠪᠠᠨ ᠱᠠᠭᠠᠷᠳᠠᠬᠤ᠂ ᠶᠣᠰᠣ ᠮᠣᠷᠠᠯ ᠲᠠᠢ ᠨᠣᠬᠠᠢ ᠲᠡᠵᠢᠭᠡᠭᠴᠢ ᠪᠣᠯᠭᠠᠵᠤ᠂ ᠪᠣᠯᠪᠠᠰᠤᠨ ᠢᠶᠠᠷ ᠨᠣᠬᠠᠢ ᠲᠡᠵᠢᠭᠡᠬᠦ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ︽ᠪᠣᠯᠪᠠᠰᠤᠨ︾᠎ ᠤ ᠳᠡᠭᠡᠰᠦ ᠶᠢ ᠰᠠᠶᠢᠲᠤᠷ ᠬᠥᠲᠥᠯᠵᠦ᠂ ᠨᠣᠬᠠᠢ ᠲᠡᠵᠢᠭᠡᠬᠦ ᠳᠤ ︽ᠬᠡᠯᠬᠢᠶ᠎ᠡ ᠶᠢ ᠲᠠᠰᠤᠳᠠᠬᠤ︾ ᠦᠭᠡᠢ ᠪᠣᠯᠭᠠᠨ᠎ᠠ᠃ ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠬᠠᠤᠯᠢ ᠶᠣᠰᠣᠭᠠᠷ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠮᠰᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠬᠥᠮᠦᠨ ᠪᠣᠯᠤᠨ ᠡᠩᠬᠦᠷᠡᠶ ᠠᠮᠢᠲᠠᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠭᠰᠠᠨ ᠦᠵᠡᠰᠬᠦᠯᠡᠩᠲᠦ ᠰᠠᠶᠢᠬᠠᠨ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ ᠪᠣᠯᠭᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号