| | | ᠨᠠᠮᠤᠷ ᠤᠨ ᠠᠭᠤᠷ ᠠᠮᠢᠰᠭᠤᠯ ᠲᠠᠭᠠᠲᠠᠢ᠂ ᠠᠯᠲᠠᠨ ᠥᠩᠭᠡᠲᠡᠢ ᠭᠠᠪᠢᠷ᠎ᠠ ᠴᠡᠴᠡᠭ ᠤᠨ ᠠᠩᠬᠢᠯᠤᠮ᠎ᠠ ᠦᠨᠦᠷ | ᠰᠡᠩᠭᠢᠨ᠂ ᠬᠤᠷᠤᠮᠬᠠᠨ ᠵᠠᠭᠤᠷ᠎ᠠ ᠤᠯᠤᠰ ᠤᠨ ᠪᠠᠶᠠᠷ ᠤᠨ ᠠᠮᠠᠷᠠᠯᠲᠠ ᠨᠢᠭᠡᠨᠲᠡ ᠳᠠᠭᠤᠰᠴᠠᠢ᠂ ᠵᠢᠦ ᠶᠤᠸᠠᠨ | ᠲᠣᠭᠤᠷᠢᠭ ᠤᠨ ᠡᠯ᠎ᠡ ᠲᠣᠮᠣ ᠦᠵᠡᠮᠵᠢ ᠶᠢᠨ ᠣᠷᠣᠨ᠂ ᠬᠥᠳᠡᠭᠡ ᠲᠣᠰᠭᠤᠨ ᠤ ᠵᠢᠭᠤᠯᠴᠢᠯᠠᠯ ᠤᠨ ᠬᠦᠯᠢᠶᠡᠨ ᠠᠪᠬᠤ | ᠡᠷᠦᠬᠡ᠂ ᠰᠡᠯᠡᠭᠦᠴᠡᠯ ᠤᠨ ᠵᠡᠭᠡᠯᠢ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠩᠭᠡ ᠢᠯᠭᠠᠷ ᠠᠮᠠ | ᠪᠠᠢᠵᠤ᠂ ᠤᠷᠤᠰᠭᠠᠯ ᠮᠡᠲᠦ ᠬᠥᠮᠦᠰ ᠤᠨ ᠠᠩᠬᠠᠷᠤᠯ ᠢ ᠲᠠᠲᠠᠵᠤ᠂ ᠣᠯᠠᠨ ᠢᠶᠠᠷ ᠢᠶᠠᠨ ᠨᠠᠢᠮᠠᠨ ᠰᠠᠷ᠎ᠠ ᠶᠢᠨ ᠲᠡᠷᠭᠡᠯ | ᠪᠠᠶᠠᠷ᠂ ᠤᠯᠤᠰ ᠤᠨ ᠪᠠᠶᠠᠷ ᠢ ᠬᠠᠮᠲᠤ ᠪᠠᠷ ᠪᠡᠯᠭᠡᠯᠡᠵᠦ᠂ ᠠᠮᠠᠷᠠᠯᠲᠠ ᠶᠢᠨ ᠡᠳᠦᠷ ᠤᠨ ᠲᠠᠭᠠᠱᠢᠶᠠᠯ ᠢ ᠡᠳ᠋ᠯᠡᠵᠦ ᠪᠠᠢᠨ᠎ᠠ | ᠃ | | | | | | ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ︽ᠬᠤᠣᠰ ᠪᠠᠶᠠᠷ︾ ᠤᠨ ᠬᠤᠭᠤᠴᠠᠭᠠᠨ ᠳᠤ ᠵᠢᠦ | ᠶᠤᠸᠠᠨ ᠲᠣᠭᠤᠷᠢᠭ ᠤᠨ ᠡᠯ᠎ᠡ ᠲᠣᠮᠣ ᠦᠵᠡᠮᠵᠢ ᠶᠢᠨ ᠣᠷᠣᠨ ᠨᠠᠢᠮᠠᠨ ᠲᠠᠯ᠎ᠠ ᠶᠢᠨ ᠵᠢᠭᠤᠯᠴᠢᠯᠠᠭᠴᠢᠳ ᠢ ᠪᠠᠶᠠᠷᠯᠠᠨ | ᠤᠭᠲᠤᠵᠤ᠂ ᠮᠡᠷᠭᠡᠨ ᠵᠦᠴᠦᠭᠡ ᠶᠢᠨ ᠳᠡᠪᠲᠡᠷ ᠤᠨ ᠨᠠᠭᠠᠳᠤᠮ᠂ ᠰᠠᠶᠢᠬᠠᠨ ᠲᠠᠯ᠎ᠠ ᠶᠢᠨ ᠬᠡᠦᠬᠡᠳ ᠤᠨ ᠦᠯᠢᠭᠡᠷ ᠤᠨ | ᠶᠢᠷᠲᠢᠨᠴᠦ ᠵᠢᠴᠢ ᠬᠥᠨᠳᠡᠯᠡᠨ ᠵᠡᠭᠡᠯᠢ ᠶᠢᠨ ᠡᠯ᠎ᠡ ᠲᠥᠷᠥᠯ ᠤᠨ ᠣᠨᠴᠠᠯᠢᠭᠲᠤ ᠠᠵᠢᠯᠯᠠᠭ᠎ᠠ ᠨᠢ ᠴᠥᠮ ᠥᠷᠭᠡᠨ ᠣᠯᠠᠨ | ᠵᠤᠭᠠᠴᠠᠭᠰᠠᠳ ᠤᠨ ᠬᠠᠯᠠᠭᠤᠨ ᠬᠦᠷᠢᠶᠡᠯᠡᠯ ᠢ ᠣᠯᠵᠠᠢ᠃ | ᠡᠨᠡ ᠵᠢᠯ ᠤᠨ ︽ᠬᠤᠤᠰ ᠪᠠᠶᠠᠷ︾ ᠤᠨ ᠠᠮᠠᠷᠠᠯᠲᠠ ᠳᠤ᠂ ᠮᠠᠨ ᠤ ᠲᠣᠪᠴᠢᠶ᠎ᠠ ᠦᠵᠡᠮᠵᠢ ᠶᠢᠨ ᠣᠷᠣᠨ ᠤ ᠠᠮᠤᠷ | ᠲᠦᠪᠰᠢᠨ ᠤ ᠪᠠᠶᠢᠴᠠᠭᠠᠯᠲᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠤᠨ ᠳᠡᠯᠭᠡᠷᠡᠭᠦᠯᠬᠦ | ᠵᠡᠷᠭᠡ ᠠᠵᠢᠯ ᠤᠨ ᠪᠠᠶᠢᠷᠢ ᠲᠣᠭᠲᠠᠭᠠᠬᠤ ᠲᠣᠭᠲᠠᠭᠰᠠᠨ ᠠᠵᠢᠯᠲᠠᠨ ᠤ ᠡᠮᠬᠢ ᠳᠢᠭᠯᠢᠮ ᠢ ᠬᠠᠮᠠᠭᠠᠯᠠᠬᠤ ᠪᠠ | ᠦᠢᠯᠡᠴᠢᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ | ᠭᠠᠷᠠᠭ ᠤᠨ ᠵᠢᠭᠤᠯᠴᠢᠯᠠᠯ ᠤᠨ ᠦᠢᠯᠡᠴᠢᠯᠡᠭᠡ ᠪᠠ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠳᠤ ᠪᠥᠬᠦ | ᠬᠦᠴᠦᠨ ᠢᠶᠠᠷ ᠢᠶᠠᠨ ᠪᠠᠲᠤᠯᠠᠭ᠎ᠠ ᠬᠠᠩᠭᠠᠪᠠ᠃ | | | | | | 2023 ᠣᠨ ᠤ 10 ᠰᠠᠷ᠎ᠠ ᠶᠢᠨ 6 ᠤ ᠡᠳᠦᠷ ᠪᠣᠯᠲᠠᠯ᠎ᠠ᠂ ᠮᠠᠨ ᠤ ᠲᠣᠭᠤᠷᠢᠭ ᠤᠨ ︽ᠨᠠᠢᠮᠠᠨ ᠰᠠᠷ᠎ᠠ ᠶᠢᠨ | ᠲᠡᠷᠭᠡᠯ ᠪᠠᠶᠠᠷ᠂ ᠤᠯᠤᠰ ᠤᠨ ᠪᠠᠶᠠᠷ︾ ᠤᠨ ᠠᠮᠠᠷᠠᠯᠲᠠ ᠶᠢᠨ 8 ᠡᠳᠦᠷ ᠲᠤ ᠨᠡᠶᠢᠲᠡ 409189 ᠵᠤᠭᠠᠴᠠᠭᠰᠠᠳ ᠢ | ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 269% ᠪᠠᠷ ᠨᠡᠮᠡᠭᠳᠡᠨ᠂ ᠪᠠᠷᠤᠭ 502. | 1846 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠢᠶᠠᠨ 297% ᠪᠠᠷ ᠨᠡᠮᠡᠭᠳᠡᠪᠡ᠃ | | | | | | |