ᠵᠢᠥ ᠶᠤᠸᠠᠨ ᠲᠣᠭᠤᠷᠢᠭ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠭᠰᠠᠨ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ
ᠨᠡᠶᠢᠲᠡᠯᠡᠭᠰᠡᠨ ᠴᠠᠭ᠄
2023/10/8
    ᠬᠡᠷᠡᠭ ᠲᠤ ᠬᠤᠯᠪᠣᠭᠳᠠᠭᠰᠠᠨ ᠡᠳ᠋ ᠪᠣᠳᠠᠰ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠤᠯᠢ ᠶᠣᠰᠣᠭᠠᠷ᠂ ᠲᠥᠪ ᠭᠤᠣᠯᠴᠢ᠂ ᠰᠢᠨᠵᠢᠯᠡᠬᠦ ᠤᠬᠠᠭᠠᠨᠴᠢ᠂ ᠦᠷ᠎ᠡ ᠪᠦᠲᠦᠮᠵᠢ ᠲᠠᠢ ᠪᠠᠶᠢᠬᠤ ᠵᠠᠷᠴᠢᠮ ᠢ ᠵᠢᠷᠤᠮᠯᠠᠨ᠂ ︽ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠡᠲᠡᠭᠡᠳ ᠪᠠ ᠬᠠᠷᠠᠯᠲᠠ ᠡᠳ᠋ ᠤᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠲᠣᠬᠢᠷᠠᠮᠵᠢᠲᠠᠶ ᠲᠦᠷᠢᠮ᠂ ᠲᠠᠰ ᠳᠠᠷᠠᠭᠠᠯᠠᠯ ᠪᠠ ᠠᠷᠭ᠎ᠠ ᠮᠠᠶ᠋ᠢᠭ ᠢ ᠰᠣᠩᠭᠤᠵᠤ ᠦᠨ᠎ᠡ ᠬᠠᠩᠰᠢ ᠶᠢ ᠮᠠᠭᠠᠳᠯᠠᠨ ᠲᠣᠭᠲᠠᠭᠠᠨ᠎ᠠ᠃    2023 ᠣᠨ ᠤ 1— ᠠᠴᠠ 9 ᠰᠠᠷ᠎ᠠ ᠳᠤ 45 ᠬᠡᠷᠡᠭ ᠢ ᠰᠢᠢᠳᠪᠦᠷᠢᠯᠡᠨ ᠳᠠᠭᠤᠰᠬᠠᠵᠤ᠂ ᠮᠠᠭᠠᠳᠯᠠᠨ ᠲᠣᠭᠲᠠᠭᠠᠭᠰᠠᠨ ᠵᠣᠭᠤᠰ ᠤᠨ ᠲᠤᠭ᠎ᠠ ᠨᠢ 890235.2 ᠲᠥᠭᠦᠷᠢᠭ ᠲᠤ ᠬᠦᠷᠴᠡᠶ᠂ ᠡᠭᠦᠨ ᠳᠤ 9 ᠰᠠᠷ᠎ᠠ ᠳᠤ᠂ 8 ᠬᠡᠷᠡᠭ ᠢ ᠰᠢᠢᠳᠪᠦᠷᠢᠯᠡᠨ ᠳᠠᠭᠤᠰᠬᠠᠵᠤ᠂ 162341 ᠲᠥᠭᠦᠷᠢᠭ ᠢᠶᠠᠷ ᠮᠠᠭᠠᠳᠯᠠᠨ ᠲᠣᠭᠲᠠᠭᠠᠪᠠ᠃ ᠬᠠᠤᠯᠢ ᠴᠠᠬᠠᠵᠠ ᠶᠢᠨ ᠪᠠᠶᠢᠬᠤᠯᠭ᠎ᠠ ᠶᠢᠨ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠳᠤ ᠠᠰᠢᠭᠲᠠᠢ ᠦᠨ᠎ᠡ ᠶᠢᠨ ᠦᠨᠳᠦᠰᠦᠯᠡᠯ ᠬᠠᠩᠬᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号