ᠠᠷᠠᠳ ᠤᠨ ᠴᠠᠭᠳᠠᠭ᠎ᠠ ᠴᠠᠭ ᠲᠤᠬᠠᠶ ᠳᠤᠨᠢ ᠬᠡᠷ ᠲᠤᠨᠢ ᠬᠦᠷᠴᠦ ᠰᠡᠷᠡᠮᠵᠢᠯᠡᠭᠦᠯᠦᠨ ᠬᠤᠷᠢᠭᠯᠠᠵᠤ ᠣᠯᠠᠨ ᠲᠦᠮᠡᠨ ᠳᠤ ︽ᠵᠣᠭᠤᠰ ᠥᠭᠬᠦ ᠶᠢ ᠵᠣᠭᠰᠣᠭᠠᠬᠤ ᠳᠠᠷᠤᠪᠴᠢ︾᠎ ᠶᠢ ᠳᠠᠷᠤᠵᠤ ᠥᠭᠪᠡ
ᠨᠡᠶᠢᠲᠡᠯᠡᠭᠰᠡᠨ ᠴᠠᠭ᠄
2023/11/14
    2023 ᠣᠨ ᠤ 11 ᠰᠠᠷ᠎ᠠ ᠶᠢᠨ 11᠎ ᠤ ᠡᠳᠦᠷ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠠᠶᠢᠬᠠᠨ ᠲᠣᠮᠢᠯᠠᠭᠰᠠᠨ ᠰᠠᠯᠪᠤᠷᠢ ᠶᠢᠨ ᠬᠠᠷᠢᠶᠠᠲᠤ ᠣᠷᠣᠨ ᠤ ᠰᠠᠭᠤᠭᠠᠯᠢ ᠠᠷᠠᠳ ᠸᠠᠩ ᠠᠪᠤᠭᠠᠶ ᠵᠠᠮ ᠤᠨ ᠬᠠᠵᠠᠭᠤ ᠳᠠᠬᠢ ᠵᠢᠵᠢᠭ ᠵᠠᠷ ᠮᠡᠳᠡᠭᠡᠨ ᠤ ᠰᠢᠷᠪᠢᠯᠲᠡ ᠶᠢᠨ ᠬᠤᠶᠠᠷ ᠬᠡᠮᠵᠢᠯᠳᠦ ᠲᠡᠮᠳᠡᠭ ᠢᠶᠠᠷ ︽boray︾ ᠭᠡᠬᠦ APP᠎ ᠶᠢ ᠪᠠᠭᠤᠯᠭᠠᠨ ᠠᠪᠬᠤ ᠶᠢᠨ ᠬᠠᠮᠲᠤ ᠦᠢᠯᠡᠴᠢᠯᠡᠭᠡᠨ ᠤ ᠵᠢᠯᠣᠭᠤᠳᠣᠯᠭ᠎ᠠ ᠪᠠᠷ ᠳᠠᠮᠵᠢᠭᠤᠯᠤᠨ ᠲᠠᠩᠭᠠᠷ ᠪᠤᠳᠤᠵᠤ ᠡᠭᠦᠷᠭᠡ ᠭᠦᠢᠴᠡᠳᠭᠡᠭᠡᠳ ᠳᠠᠬᠢᠨ ᠠᠰᠢᠭ ᠤᠯᠪᠠ᠃ ᠦᠢᠯᠡᠴᠢᠯᠡᠭᠴᠢ ᠲᠡᠭᠦᠨ ᠳᠤ 56000 ᠲᠥᠭᠦᠷᠢᠭ ᠤᠨ ᠵᠣᠭᠤᠰ ᠭᠠᠷᠭᠠᠨ ᠡᠭᠦᠷᠭᠡ ᠭᠦᠢᠴᠡᠳᠬᠡᠬᠦ ᠬᠡᠷᠡᠭᠲᠡᠶ ᠭᠡᠵᠦ ᠮᠡᠳᠡᠭᠳᠡᠵᠡᠶ᠂ ᠸᠠᠩ ᠠᠪᠤᠭᠠᠶ ᠤᠷᠢᠳ ᠬᠤᠵᠢᠳ ᠬᠤᠶᠠᠷ ᠤᠳᠠᠭ᠎ᠠ ᠨᠥᠭᠦᠭᠡ ᠡᠲᠡᠭᠡᠳ ᠲᠡᠭᠡᠨ 20000 ᠲᠥᠭᠦᠷᠢᠭ ᠤᠨ ᠳᠠᠩᠰᠠ ᠰᠢᠯᠵᠢᠭᠦᠯᠵᠦ ᠥᠭᠴᠡᠶ᠂ ᠭᠤᠷᠪᠠᠳᠤᠭᠠᠷ ᠤᠳᠠᠭ᠎ᠠ 11310 ᠲᠥᠭᠦᠷᠢᠭ ᠤᠨ ᠳᠠᠩᠰᠠ ᠰᠢᠯᠵᠢᠭᠦᠯᠬᠦ ᠦᠶ᠎ᠡ ᠳᠤ ᠬᠠᠰᠢᠭᠳᠠᠵᠤ᠂ ᠳᠠᠩᠰᠠ ᠰᠢᠯᠵᠢᠭᠦᠯᠵᠦ ᠳᠡᠶᠢᠯᠦᠭᠰᠡᠨ ᠦᠭᠡᠶ᠃    ᠡᠨᠡ ᠦᠶ᠎ᠡ ᠳᠤ ᠬᠤᠪᠢᠶᠠᠷᠢ ᠲᠣᠪᠴᠢᠶᠠᠨ ᠤ ᠰᠠᠶᠢᠬᠠᠨ ᠤ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠴᠠᠬᠢᠯᠭᠠᠨ ᠮᠡᠬᠡᠯᠡᠯ ᠤᠨ ᠰᠡᠷᠡᠮᠵᠢᠯᠡᠭᠦᠯᠦᠯ ᠢ ᠣᠯᠤᠭᠰᠠᠨ ᠪᠥᠭᠡᠳ ᠲᠡᠷᠡ ᠳᠠᠷᠤᠶ ᠳᠤᠨᠢ ᠸᠠᠩ ᠠᠪᠤᠭᠠᠶ ᠲᠠᠢ ᠬᠠᠷᠢᠯᠴᠠᠭᠰᠠᠨ ᠪᠥᠭᠡᠳ ᠦᠯᠡᠳᠡᠭᠰᠡᠨ 24690 ᠲᠥᠭᠦᠷᠢᠭ ᠢᠶᠠᠨ ᠨᠥᠭᠦᠭᠡ ᠡᠲᠡᠭᠡᠳ ᠲᠡᠭᠡᠨ ᠦᠷᠭᠦᠯᠵᠢᠯᠡᠨ ᠳᠠᠩᠰᠠ ᠰᠢᠯᠵᠢᠭᠦᠯᠵᠦ ᠥᠭᠬᠦ ᠶᠢ ᠠᠮᠵᠢᠯᠲᠠᠲᠠᠶ ᠬᠤᠷᠢᠭᠯᠠᠵᠠᠶ᠃ ᠸᠠᠩ ᠠᠪᠤᠭᠠᠶ ᠶᠢᠨ ᠰᠦᠯᠵᠢᠶᠡᠨ ᠤ ᠴᠠᠬᠢᠯᠭᠠᠨ ᠮᠡᠬᠡᠯᠡᠯ ᠳᠤ ᠳᠠᠬᠢᠨᠲᠠ ᠮᠡᠬᠡᠯᠡᠭᠳᠡᠬᠦ ᠠᠴᠠ ᠰᠡᠷᠭᠡᠶᠢᠯᠡᠬᠦ ᠶᠢᠨ ᠲᠥᠯᠥᠭᠡ᠂ ᠠᠷᠠᠳ ᠤᠨ ᠴᠠᠭᠳᠠᠭ᠎ᠠ ᠸᠠᠩ ᠠᠪᠤᠭᠠᠶ ᠶᠢ ᠲᠣᠮᠢᠯᠠᠭᠰᠠᠨ ᠰᠠᠯᠪᠤᠷᠢ ᠶᠢᠨ ᠮᠡᠬᠡᠯᠡᠬᠦ ᠶᠢ ᠡᠰᠡᠷᠭᠦᠴᠡᠬᠦ ᠳᠠᠭᠤᠳᠠᠨ ᠰᠡᠷᠡᠭᠡᠬᠦ ᠲᠠᠰᠤᠭ ᠲᠤ ᠬᠦᠷᠴᠦ ᠬᠢᠬᠠᠨ ᠮᠡᠬᠡᠯᠡᠬᠦ ᠶᠢ ᠡᠰᠡᠷᠭᠦᠴᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠲᠡᠭᠦᠨ ᠤ ᠴᠠᠬᠢᠯᠭᠠᠨ ᠮᠡᠬᠡᠯᠡᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠠᠷᠢᠶ᠎ᠠ ᠣᠷᠣᠨ ᠳᠠᠭᠠᠨ ᠮᠡᠬᠡᠯᠡᠬᠦ ᠶᠢ ᠡᠰᠡᠷᠭᠦᠴᠡᠬᠦ ᠬᠠᠮᠢᠶ᠎ᠠ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢ ᠬᠥᠮᠦᠨ ᠪᠦᠬᠦᠨ ᠮᠡᠳᠡᠬᠦ᠂ ᠬᠥᠮᠦᠨ ᠪᠦᠬᠦᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠮᠡᠬᠡᠯᠡᠬᠦ ᠶᠢ ᠡᠰᠡᠷᠭᠦᠴᠡᠬᠦ ︽ᠰᠡᠷᠭᠡᠶᠢᠯᠡᠯᠲᠡ ᠶᠢᠨ ᠬᠡᠷᠡᠮ︾᠎ ᠢ ᠦᠨᠡᠨᠬᠦ ᠪᠠᠲᠤ ᠴᠣᠭᠴᠠᠯᠠᠵᠤ᠂ ᠬᠠᠷᠢᠶ᠎ᠠ ᠣᠷᠣᠨ ᠤ ᠤᠯᠠᠨ ᠲᠦᠮᠡᠨ ᠤ ︽ᠵᠣᠭᠤᠰᠣᠨ ᠪᠣᠭᠴᠣ︾᠎ ᠶᠢ ᠰᠠᠶᠢᠲᠤᠷ ᠰᠠᠬᠢᠨ ᠬᠠᠮᠠᠭᠠᠯᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号