ᠵᠢᠦ ᠶᠤᠸᠠᠨ ᠲᠣᠭᠤᠷᠢᠭ ᠤᠨ 2023 ᠣᠨ ᠤ ᠴᠢᠬᠤᠯᠠ ᠶᠡᠭᠡ ᠳᠥᠰᠦᠯ ᠤᠨ ᠬᠠᠮᠤᠭ ᠤᠨ ᠰᠢᠨ᠎ᠡ ᠠᠬᠢᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2023/11/14
   2023 ᠣᠨ ᠳᠤ ᠮᠠᠨ ᠤ ᠲᠣᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ 5000 ᠲᠦᠮᠡᠨ ᠲᠥᠭᠦᠷᠢᠭ ᠠᠴᠠ ᠳᠡᠭᠡᠭᠰᠢ᠂ ᠳ᠋ᠦᠩᠰᠢᠭᠤᠷ ᠲᠥᠭᠦᠷᠢᠭ ᠠᠴᠠ ᠳᠡᠭᠡᠭᠰᠢ ᠶᠢᠨ ᠠᠵᠤ ᠠᠬᠤᠶᠢᠯᠠᠯ ᠤᠨ ᠪᠠᠯᠠ ᠣᠷᠣᠭᠤᠯᠤᠯᠲᠠ 68 ᠴᠢᠬᠤᠯᠠ ᠶᠡᠭᠡ ᠳᠥᠰᠦᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠶᠢ 845.88 ᠳ᠋ᠦᠩᠰᠢᠭᠤᠷ ᠲᠥᠭᠦᠷᠢᠭ ᠬᠡᠷᠡᠭᠵᠢᠭᠦᠯᠵᠦ᠂ ᠲᠣᠰ ᠵᠢᠯ ᠳᠤ 185.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ 68 ᠴᠢᠬᠤᠯᠠ ᠶᠡᠭᠡ ᠳᠥᠰᠦᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ᠂ 172.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 93.1% ᠶᠢᠨ ᠪᠠᠯᠠ ᠣᠷᠣᠭᠤᠯᠤᠯᠲᠠ ᠶᠢᠨ ᠨᠣᠷᠮ᠎ᠠ ᠶᠢ ᠪᠡᠶᠡᠯᠡᠭᠦᠯᠪᠡ᠂ ᠡᠭᠦᠨ ᠳᠤ᠂ ᠠᠵᠤ ᠦᠢᠯᠡᠰ ᠤᠨ ᠲᠥᠷᠥᠯ ᠤᠨ 35 ᠴᠢᠬᠤᠯᠠ ᠶᠡᠭᠡ ᠳᠥᠰᠦᠯ ᠪᠠᠶᠢᠵᠤ᠂ 141.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃   ᠪᠥᠲᠥᠭᠡᠨ ᠪᠠᠶᠢᠭᠤᠯᠤᠯᠲᠠ ᠶᠢᠨ ᠰᠢᠨᠵᠢ ᠴᠢᠨᠠᠷ ᠢᠶᠠᠷ ᠨᠢ ᠬᠤᠪᠢᠶᠠᠪᠠᠯ᠄ ᠰᠢᠨ᠎ᠡ ᠪᠠᠷ ᠠᠵᠢᠯ ᠡᠬᠢᠯᠡᠭᠦᠯᠦᠭᠰᠡᠨ ᠳᠥᠰᠦᠯ34 ᠪᠠᠶᠢᠵᠤ᠂ 101.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠨᠣᠷᠮ᠎ᠠ 74.8% ᠳᠤ ᠬᠥᠷᠪᠡ︔ 34 ᠳᠥᠰᠦᠯ ᠢ ᠦᠷᠭᠦᠯᠵᠢᠯᠡᠨ ᠪᠠᠶᠢᠭᠤᠯᠵᠤ᠂ 71.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 142.5% ᠶᠢᠨ ᠪᠠᠯᠠ ᠣᠷᠣᠭᠤᠯᠤᠯᠲᠠ ᠶᠢᠨ ᠨᠣᠷᠮ᠎ᠠ ᠶᠢ ᠪᠡᠶᠡᠯᠡᠭᠦᠯᠪᠡ᠃     ᠠᠵᠢᠯ ᠲᠥᠷᠥᠯ ᠤᠨ ᠲᠥᠷᠥᠯ ᠢᠯᠭᠠᠯ ᠢᠶᠠᠷ ᠬᠤᠪᠢᠶᠠᠪᠠᠯ᠄ ᠠᠵᠤ ᠦᠢᠯᠡᠳᠪᠤᠷᠢ ᠶᠢᠨ ᠳᠥᠰᠦᠯ 28 ᠪᠠᠶᠢᠵᠤ᠂ 140.61 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠨᠣᠷᠮ᠎ᠠ 91.2%︔ 6 ᠦᠢᠯᠡᠴᠢᠯᠡᠭᠡᠨ ᠤ ᠦᠢᠯᠡᠰ ᠤᠨ ᠳᠥᠰᠦᠯ ᠪᠠᠶᠢᠵᠤ᠂ 2.53 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 31.2% ᠤᠨ ᠪᠠᠯᠠ ᠣᠷᠣᠭᠤᠯᠤᠯᠲᠠ ᠶᠢᠨ ᠨᠣᠷᠮ᠎ᠠ ᠶᠢ ᠪᠡᠶᠡᠯᠡᠭᠦᠯᠪᠡ︔ ᠲᠠᠷᠢᠶᠠᠯᠠᠩ ᠮᠠᠯ ᠠᠵᠤ ᠠᠬᠤᠶ ᠶᠢᠨ ᠳᠥᠰᠦᠯ 4 ᠪᠠᠶᠢᠵᠤ᠂ 1.16 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 64.4% ᠪᠠᠯᠠ ᠣᠷᠣᠭᠤᠯᠤᠯᠲᠠ ᠶᠢᠨ ᠨᠣᠷᠮ᠎ᠠ ᠶᠢ ᠪᠡᠶᠡᠯᠡᠭᠦᠯᠪᠡ︔ ᠰᠠᠭᠤᠷᠢ ᠪᠡᠯᠡᠳᠬᠡᠮᠵᠢ ᠶᠢᠨ ᠳᠥᠰᠦᠯ 11 ᠪᠠᠶᠢᠵᠤ᠂ 2.98 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ ᠶᠢ 63.5% ᠳᠤ ᠬᠦᠷᠦᠭᠦᠯᠪᠡ︔ ᠨᠡᠶᠢᠭᠡᠮ ᠤᠨ ᠠᠵᠢᠯ ᠦᠢᠯᠡᠰ ᠤᠨ ᠳᠥᠰᠦᠯ 4 ᠪᠠᠶᠢᠵᠤ᠂ 4.71 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 305.8% ᠶᠢᠨ ᠪᠠᠯᠠ ᠣᠷᠣᠭᠤᠯᠤᠯᠲᠠ ᠶᠢᠨ ᠨᠣᠷᠮ᠎ᠠ ᠶᠢ ᠪᠡᠶᠡᠯᠡᠭᠦᠯᠪᠡ︔ ᠭᠠᠵᠠᠷ ᠰᠢᠷᠣᠶ ᠶᠢᠨ ᠬᠥᠷᠥᠩᠭᠡ ᠶᠢᠨ ᠳᠥᠰᠦᠯ 15 ᠪᠠᠶᠢᠵᠤ᠂ 20.91 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 135.4% ᠶᠢᠨ ᠪᠠᠯᠠ ᠣᠷᠣᠭᠤᠯᠤᠯᠲᠠ ᠶᠢᠨ ᠨᠣᠷᠮ᠎ᠠ ᠶᠢ ᠪᠡᠶᠡᠯᠡᠭᠦᠯᠪᠡ᠃     ᠪᠠᠯᠠ ᠣᠷᠣᠭᠤᠯᠤᠯᠲᠠ ᠶᠢᠨ ᠭᠤᠤᠯ ᠴᠣᠭᠴᠠ ᠪᠠᠷ ᠬᠤᠪᠢᠶᠠᠷᠢᠯᠠᠪᠠᠯ᠄ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠳᠥᠰᠦᠯ 59 ᠪᠠᠶᠢᠵᠤ᠂ 167.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ ᠶᠢ 91.5% ᠪᠡᠶᠡᠯᠡᠭᠦᠯᠪᠡ︔ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠳᠥᠰᠦᠯ 9 ᠪᠠᠶᠢᠵᠤ᠂ 5.62 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ 194.5% ᠳᠤ ᠬᠥᠷᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号