ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ᠂ ᠰᠢᠨ᠎ᠡ ᠵᠠᠭᠤᠴᠢᠯᠠᠭᠤᠷ ᠤᠨ ᠣᠯᠠᠨ ᠶᠠᠩᠵᠤ ᠪᠠᠷ ᠤᠬᠠᠭᠤᠯᠤᠨ ᠳᠡᠯᠭᠡᠷᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2023/11/15
    11 ᠰᠠᠷ᠎ᠠ ᠶᠢᠨ 15᠎ ᠤ ᠡᠳᠦᠷ᠂ ᠵᠢᠦ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡ ᠵᠠᠩᠭᠢ ᠶᠢᠨ ᠲᠥᠪ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠂ ᠰᠢᠨ᠎ᠡ ᠵᠠᠭᠤᠴᠢᠯᠠᠭᠤᠷ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠡᠷᠭᠢᠯᠡᠪᠡ᠃ ᠲᠤᠰ ᠠᠵᠢᠯᠯᠠᠭ᠎ᠠ ᠳᠤ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠲᠣᠭᠤᠷᠢᠭ ᠤᠨ ᠠᠬᠠᠮᠠᠳ ᠺᠠᠳ᠋ᠷ ᠤᠨ ᠲᠣᠪᠴᠢᠶ᠎ᠠ᠂ ᠲᠣᠭᠤᠷᠢᠭ ᠤᠨ ᠰᠢᠭᠦᠬᠦ ᠬᠤᠷᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠶᠠᠷᠬᠤᠳᠳᠤᠭ ᠪᠠᠯᠭᠠᠰᠤ᠂ ᠠᠭᠠᠷᠤᠲᠠᠢ ᠰᠤᠮᠤ᠂ ᠰᠢᠷ᠎ᠠ ᠨᠤᠷ᠎ᠠ ᠵᠡᠭᠡᠯᠢ ᠭᠤᠳᠤᠮᠵᠢ᠂ ᠪᠠᠶᠠᠨᠰᠢᠯᠢ ᠵᠡᠭᠡᠯᠢ ᠭᠤᠳᠤᠮᠵᠢ ᠵᠡᠷᠭᠡ ᠬᠠᠷᠢᠶ᠎ᠠ ᠨᠢᠭᠡᠴᠡ ᠶᠢᠨ ᠮᠡᠳᠡᠭᠡ ᠵᠠᠩᠭᠢ ᠶᠢᠨ ᠬᠠᠮᠢᠶᠠᠷᠤᠭᠴᠢ ᠶᠢ ᠤᠷᠢᠵᠠᠢ᠃
C:\Users\Administrator\Desktop\新闻照片\1.jpg
C:\Users\Administrator\Desktop\新闻照片\2.jpg
    ᠡᠩ ᠲᠡᠷᠢᠭᠦᠨ ᠳᠤ᠂ ᠠᠵᠢᠯᠯᠠᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠵᠢᠯᠯᠠᠭᠴᠢ PPT᠎ ᠶᠢ ᠠᠰᠢᠭᠯᠠᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠮᠠᠲ᠋ᠧᠷᠢᠶᠠᠯ ᠢ ᠵᠣᠬᠢᠶᠠᠵᠤ᠂ ᠡᠭᠦᠨ ᠤ ᠬᠠᠮᠲᠤ  ᠵᠢᠤ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠬᠠᠷᠢᠶ᠎ᠠ ᠨᠢᠭᠡᠴᠡ ᠶᠢ ᠵᠣᠬᠢᠶᠠᠨ ᠪᠠᠶᠢᠭᠤᠯᠤᠨ ᠠᠵᠢᠯᠯᠠᠭ᠎ᠠ ᠰᠤᠷᠤᠯᠴᠠᠯᠭ᠎ᠠ ᠤᠬᠠᠭᠤᠯᠭ᠎ᠠ ᠶᠢᠨ ᠮᠠᠲ᠋ᠧᠷᠢᠶᠠᠯ ᠢ ᠰᠤᠷᠤᠯᠴᠠᠭᠤᠯᠪᠠ᠂ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠵᠢᠴᠢ ᠰᠢᠨ᠎ᠡ ᠵᠠᠭᠤᠴᠢᠯᠠᠭᠤᠷ ᠢ ᠣᠯᠠᠨ ᠳᠤ ᠭᠦᠢᠴᠡᠳ ᠲᠠᠨᠢᠭᠤᠯᠵᠤ᠂ ᠲᠡᠳᠡᠭᠡᠷ ᠤᠨ ᠠᠭᠤᠯᠭ᠎ᠠ ᠪᠠ ᠬᠡᠯᠪᠡᠷᠢ ᠶᠢ ᠣᠶᠢᠯᠠᠭᠠᠭᠤᠯᠵᠤ᠂ ᠡᠭᠦᠨ ᠤ ᠤᠯᠠᠮ ᠢᠶᠠᠷ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠵᠢᠴᠢ ᠰᠢᠨ᠎ᠡ ᠵᠠᠭᠤᠴᠢᠯᠠᠭᠤᠷ ᠢ ᠴᠢᠬᠤᠯᠠᠴᠢᠯᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
C:\Users\Administrator\Desktop\新闻照片\3.jpg
C:\Users\Administrator\Desktop\新闻照片\4.jpg
C:\Users\Administrator\Desktop\新闻照片\5.jpg
    ᠳᠠᠷᠠᠭ᠎ᠠ ᠳᠤᠨᠢ᠂ ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠪᠠᠶᠢᠭᠤᠯᠭ᠎ᠠ ᠨᠢᠭᠡᠪᠦᠷᠢ ᠶᠢᠨ ᠮᠡᠳᠡᠭᠡ ᠵᠠᠩᠭᠢ ᠶᠢᠨ ᠬᠠᠮᠢᠶᠠᠷᠤᠭᠴᠢ ᠳᠤ ᠵᠢᠦ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠥᠪ ᠠᠴᠠ ᠦᠢᠯᠡᠳᠦᠭᠰᠡᠨ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠮᠣᠩᠭᠤᠯ ᠬᠢᠲᠠᠳ ᠬᠤᠣᠰ ᠬᠡᠯᠡ ᠪᠠᠷ ᠰᠢ ᠶᠢᠨ ᠫᠢᠩ ᠲᠡᠷᠢᠭᠦᠯᠡᠭᠴᠢ ᠶᠢᠨ ᠶᠠᠷᠢᠶᠠᠨ ᠤ ᠤᠷᠢᠶ᠎ᠠ ᠶᠢ ᠬᠠᠷᠢᠴᠠᠭᠤᠯᠤᠨ ᠰᠤᠷᠤᠯᠴᠠᠵᠤ᠂ ᠡᠭᠦᠨ ᠤ ᠳᠠᠷᠠᠭ᠎ᠠ PPT + ᠠᠵᠢᠯᠯᠠᠭᠤᠯᠵᠤ ᠪᠠᠲᠤᠯᠠᠭᠴᠢ ᠶᠢᠨ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠨᠢ ᠴᠤᠬᠤᠮ ᠠᠯᠢ ᠠᠯᠢ ᠪᠤᠯᠤᠩ ᠢᠶᠠᠷ ᠪᠦᠷᠢᠯᠳᠦᠭᠰᠡᠨ᠂ ᠪᠤᠯᠤᠩ ᠨᠢᠭᠡᠪᠦᠷᠢ ᠶᠢᠨ ᠭᠤᠤᠯ ᠰᠡᠳᠦᠪ ᠨᠢ ᠶᠠᠭᠤ ᠪᠣᠶ᠂ ᠰᠢᠨᠡᠴᠢᠯᠡᠬᠦ ᠳᠠᠪᠲᠠᠮᠵᠢ ᠵᠢᠴᠢ ᠬᠡᠯᠪᠡᠷᠢ᠂ ᠢᠷᠡᠯᠲᠡ ᠨᠢ ᠬᠠᠮᠢᠭ᠎ᠠ ᠠᠴᠠ ᠢᠷᠡᠭᠰᠡᠨ ᠪᠣᠶ᠂ ᠤᠳᠤᠷᠢᠳᠤᠯᠭ᠎ᠠ ᠶᠢᠨ ᠲᠠᠨᠢᠯᠴᠠᠭᠤᠯᠭ᠎ᠠ ᠨᠢ ᠶᠠᠮᠠᠷ ᠪᠠᠶᠢᠷᠢᠨ ᠳᠤ ᠪᠠᠶᠢᠬᠤ᠂ ᠲᠥᠷᠥ ᠶᠢᠨ ᠪᠣᠳᠣᠯᠭ᠎ᠠ ᠶᠢᠨ ᠵᠢᠷᠤᠭᠲᠤ ᠲᠠᠶᠢᠯᠪᠤᠷᠢ ᠶᠢ ᠬᠡᠷᠬᠢᠨ ᠵᠣᠬᠢᠶᠠᠬᠤ᠂ ᠤᠨᠴᠠᠯᠢᠬᠳᠤ ᠪᠤᠯᠤᠩ ᠨᠢ ᠶᠠᠭᠤᠨ ᠳᠤ ᠠᠶᠠᠯᠠᠯ ᠵᠢᠭᠤᠯᠴᠢᠯᠠᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠬᠦ᠂ ᠰᠢᠨ᠎ᠡ ᠵᠠᠭᠤᠴᠢᠯᠠᠭᠤᠷ ᠲᠤ ᠶᠠᠮᠠᠷ ᠶᠠᠮᠠᠷ ᠠᠭᠤᠯᠭ᠎ᠠ ᠶᠢ ᠨᠡᠶᠢᠲᠡᠯᠡᠬᠦ ᠵᠡᠷᠭᠡ ᠠᠰᠠᠭᠤᠳᠠᠯ ᠤᠨ ᠲᠤᠬᠠᠶ ᠣᠯᠠᠨ ᠳᠤ ᠨᠠᠩ ᠲᠣᠳᠣᠷᠬᠠᠶ ᠪᠥᠭᠡᠳ ᠣᠶᠢᠯᠠᠭᠠᠮᠵᠢᠲᠠᠶ ᠬᠠᠷᠢᠭᠤᠯᠲᠠ ᠥᠭᠬᠦ ᠪᠣᠯᠤᠨ᠎ᠠ᠃ ᠬᠠᠮᠤᠭ ᠤᠨ ᠰᠡᠭᠦᠯ ᠳᠤ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶᠡᠨ ᠤ ᠬᠠᠶ᠋ᠢᠭ ᠵᠢᠴᠢ ᠰᠢᠨ᠎ᠡ ᠵᠠᠭᠤᠴᠢᠯᠠᠭᠤᠷ ᠤᠨ ᠬᠤᠶᠠᠷ ᠬᠡᠮᠵᠢᠯᠳᠦ ᠺᠣᠳ᠋ ᠢ ᠥᠭᠴᠦ᠂ ᠡᠯ᠎ᠡ ᠨᠢᠭᠡᠴᠡ ᠶᠢᠨ ᠮᠡᠳᠡᠭᠡ ᠵᠠᠩᠭᠢ ᠶᠢᠨ ᠬᠠᠮᠢᠶᠠᠷᠤᠭᠴᠢ ᠪᠠᠷ ᠬᠤᠶᠢᠰᠢᠳᠠ ᠮᠠᠨ ᠤ ᠠᠵᠢᠯ ᠳᠤ ᠢᠯᠡᠭᠦᠬᠡᠨ ᠠᠩᠬᠠᠷᠤᠯ ᠲᠠᠯᠪᠢᠭᠤᠯᠬᠤ ᠶᠢᠨ ᠬᠠᠮᠲᠤ ᠬᠢᠨᠠᠯᠲᠠ ᠲᠠᠯᠪᠢᠭᠤᠯᠤᠨ᠎ᠠ᠃
C:\Users\Administrator\Desktop\新闻照片\6.jpg
    ᠲᠣᠰ ᠨᠢᠭᠡᠴᠡ ᠶᠢᠨ ᠢᠶᠠᠨ ᠡᠯᠧᠺᠲᠷᠣᠨ ᠳᠡᠯᠭᠡᠴᠡ ᠪᠠᠷ ᠳᠠᠮᠵᠢᠭᠤᠯᠤᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠵᠢᠴᠢ ᠰᠢᠨ᠎ᠡ ᠵᠠᠭᠤᠴᠢᠯᠠᠭᠤᠷ ᠢ ᠳᠡᠯᠭᠡᠷᠡᠭᠦᠯᠬᠦ ᠠᠵᠢᠯᠯᠠᠭ᠎ᠠ ᠶᠢᠨ ᠭᠤᠤᠯ ᠰᠡᠳᠦᠪ᠂ ᠵᠣᠷᠢᠯᠭ᠎ᠠ ᠪᠠ ᠠᠴᠢ ᠬᠤᠯᠪᠣᠭᠳᠠᠯ ᠢ ᠶᠡᠭᠡ ᠪᠠᠷ ᠤᠬᠠᠭᠤᠯᠵᠤ᠂ ᠠᠵᠢᠯᠯᠠᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃
C:\Users\Administrator\Desktop\新闻照片\微信图片_20231201152645.jpg
    ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤᠰ ᠤᠳᠠᠭᠠᠨ ᠤ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠪᠣᠯᠤᠨ ᠰᠢᠨ᠎ᠡ ᠵᠠᠭᠤᠴᠢᠯᠠᠭᠤᠷ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠡᠯ᠎ᠡ ᠨᠢᠭᠡᠴᠡ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠥᠷᠲᠡᠭᠡ ᠵᠢᠴᠢ ᠰᠢᠨ᠎ᠡ ᠵᠠᠭᠤᠴᠢᠯᠠᠭᠤᠷ ᠢ ᠬᠠᠮᠲᠤᠪᠠᠷ ᠠᠩᠬᠠᠷᠬᠤ ᠶᠢ ᠶᠡᠬᠡᠪᠡᠷ ᠰᠠᠨᠠᠭᠠᠴᠢᠯᠠᠵᠤ᠂ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠵᠢᠴᠢ ᠰᠢᠨ᠎ᠡ ᠵᠠᠭᠤᠴᠢᠯᠠᠭᠤᠷ ᠤᠨ ᠠᠵᠢᠯ ᠤᠨ ᠠᠷᠭ᠎ᠠ ᠮᠠᠶ᠋ᠢᠭ ᠢ ᠥᠷᠭᠡᠨ ᠢᠶᠠᠷ ᠤᠬᠠᠭᠤᠯᠵᠤ᠂ ᠡᠯ᠎ᠡ ᠨᠢᠭᠡᠴᠡ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠵᠢᠴᠢ ᠰᠢᠨ᠎ᠡ ᠵᠠᠭᠤᠴᠢᠯᠠᠭᠤᠷ ᠢ ᠴᠢᠬᠤᠯᠠᠴᠢᠯᠠᠬᠤ ᠶᠢ ᠴᠢᠩᠭᠠᠳᠬᠠᠵᠤ᠂ ᠡᠭᠦᠨ ᠤ ᠤᠯᠠᠮ ᠢᠶᠠᠷ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ ᠵᠢᠴᠢ ᠰᠢᠨ᠎ᠡ ᠵᠠᠭᠤᠴᠢᠯᠠᠭᠤᠷ ᠢ ᠣᠯᠠᠨ ᠢᠶᠠᠷ ᠢᠶᠠᠨ ᠠᠩᠬᠠᠷᠬᠤ ᠬᠡᠮᠵᠢᠶ᠎ᠡ ᠶᠢ ᠨᠡᠮᠡᠭᠳᠡᠭᠦᠯᠪᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号