ᠬᠤᠶᠠᠷᠬᠤᠳᠳᠤᠭ ᠪᠠᠯᠭᠠᠰᠤ ᠣᠢ ᠮᠣᠳᠣ ᠣᠭᠲᠣᠯᠬᠤ ᠵᠥᠪᠰᠢᠶᠡᠷᠡᠯ ᠤᠨ ᠲᠤᠬᠠᠶ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠪᠡ
ᠨᠡᠶᠢᠲᠡᠯᠡᠭᠰᠡᠨ ᠴᠠᠭ᠄
2023/11/15
    11 ᠰᠠᠷ᠎ᠠ ᠶᠢᠨ 13᠎ ᠤ ᠡᠳᠦᠷ᠂ ᠬᠤᠶᠠᠷᠬᠤᠳᠳᠤᠭ ᠪᠠᠯᠭᠠᠰᠤ ᠡᠯ᠎ᠡ ᠲᠣᠰᠬᠤᠨ ᠤ ᠳᠡᠭᠡᠭᠰᠢ ᠮᠡᠳᠡᠭᠦᠯᠦᠭᠰᠡᠨ ᠣᠶ ᠮᠣᠳᠣ ᠣᠭᠲᠣᠯᠬᠤ ᠭᠤᠶᠤᠴᠢᠯᠠᠯ ᠢ ᠦᠨᠳᠦᠰᠦᠯᠡᠨ᠂ ᠬᠠᠤᠯᠢ ᠬᠡᠷᠡᠭᠵᠢᠭᠦᠯᠬᠦ ᠠᠵᠢᠯᠲᠠᠨ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠣᠭᠲᠣᠯᠬᠤ ᠭᠦᠢᠴᠡᠳᠬᠡᠯ ᠲᠤᠭ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠪᠠ ᠪᠠᠷᠢᠮᠵᠢᠶ᠎ᠠ ᠲᠠᠢ ᠤᠶᠠᠯᠳᠤᠭᠤᠯᠤᠨ ᠲᠤᠬᠠᠶ ᠶᠢᠨ ᠲᠠᠯᠠᠪᠤᠷ ᠲᠤ ᠬᠦᠷᠴᠦ ᠪᠣᠳᠠᠲᠠᠶ ᠪᠠᠶᠢᠳᠠᠯ ᠢ ᠬᠢᠨᠠᠨ ᠬᠠᠷᠭᠤᠭᠤᠯᠪᠠ᠃
C:\Users\Administrator\Desktop\新闻照片\70.jpg
    ᠲᠣᠰ ᠤᠳᠠᠭᠠᠨ ᠤ ᠣᠶ ᠮᠣᠳᠣ ᠣᠭᠲᠣᠯᠬᠤ ᠵᠥᠪᠰᠢᠶᠡᠷᠡᠯ ᠤᠨ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠶᠢ ᠬᠠᠤᠯᠢ ᠬᠡᠷᠡᠭᠵᠢᠭᠦᠯᠬᠦ ᠠᠵᠢᠯᠲᠠᠨ ᠣᠶ ᠮᠣᠳᠣ ᠣᠭᠲᠣᠯᠬᠤ ᠪᠣᠳᠠᠲᠠᠶ ᠣᠷᠣᠨ ᠪᠠᠶᠢᠷᠢ ᠶᠢᠨ ᠬᠢᠨᠠᠨ ᠪᠠᠶᠢᠴᠠᠭᠠᠯᠲᠠ ᠶᠢᠨ ᠲᠠᠯᠠᠪᠠᠶ᠂ ᠮᠣᠳᠣᠨ ᠤ ᠲᠥᠷᠥᠯ᠂ ᠮᠣᠳᠣᠨ ᠤ ᠰᠠᠭᠤᠷᠢ ᠲᠤᠭ᠎ᠠ᠂ ᠲᠤᠬᠠᠶ ᠶᠢᠨ ᠲᠠᠯᠠᠪᠠᠶ ᠵᠡᠷᠭᠡ ᠠᠭᠤᠯᠭ᠎ᠠ ᠶᠢ ᠭᠦᠨᠵᠡᠭᠡᠶ ᠪᠠᠶᠢᠴᠠᠭᠠᠬᠤ ᠶᠢᠨ ᠬᠠᠮᠲᠤ ᠬᠤᠯᠠᠭᠠᠶᠢᠯᠠᠨ ᠣᠭᠲᠣᠯᠵᠤ ᠳᠤᠷ᠎ᠠ ᠪᠠᠷ ᠢᠶᠠᠨ ᠣᠭᠲᠣᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠤᠭᠰᠠᠨ ᠡᠰᠡᠬᠦ ᠶᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠣᠯᠠᠨ ᠲᠦᠮᠡᠨ ᠳᠤ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠢᠳᠡᠪᠬᠢᠲᠡᠢ ᠪᠠᠷ ᠬᠠᠨᠳᠤᠯᠭᠠᠲᠤ ᠴᠢᠨᠠᠷᠲᠠᠢ ᠰᠠᠨᠠᠯ ᠳᠤᠷᠠᠳᠴᠠᠢ᠃
C:\Users\Administrator\Desktop\新闻照片\71.jpg
    ᠲᠠᠷᠠᠭᠠᠴᠢ ᠶᠢᠨ ᠠᠯᠬᠤᠮ ᠳᠤ᠂ ᠬᠤᠶᠠᠷᠬᠤᠳᠳᠤᠭ ᠪᠠᠯᠭᠠᠰᠤᠨ ᠤ ᠣᠶ ᠮᠣᠳᠣ ᠣᠭᠲᠣᠯᠬᠤ ᠠᠵᠢᠯ ᠨᠢ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠵᠢᠷᠤᠵᠤ ᠲᠥᠯᠥᠪᠯᠡᠬᠦ᠂ ᠲᠣᠭᠲᠠᠭᠠᠯ ᠠᠴᠠ ᠵᠥᠷᠢᠴᠡᠨ ᠣᠭᠲᠣᠯᠬᠤ ᠶᠢ ᠡᠷᠡᠰ ᠬᠤᠷᠢᠭᠯᠠᠵᠤ᠂ ᠬᠢᠨᠠᠨ ᠵᠥᠪᠰᠢᠶᠡᠷᠡᠬᠦ ᠶᠢ ᠴᠢᠩᠭᠠᠳᠬᠠᠨ ᠵᠢᠷᠤᠮᠵᠢᠭᠤᠯᠵᠤ᠂ ᠣᠶ ᠰᠢᠭᠤᠶ ᠶᠢᠨ ᠠᠮᠢ ᠠᠬᠤᠶ ᠶᠢᠨ ᠤᠯᠠᠭᠠᠨ ᠱᠤᠭᠤᠮ ᠢ ᠪᠦᠲᠦᠮᠵᠢᠲᠡᠶ ᠬᠠᠮᠠᠭᠠᠯᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号