ᠬᠤᠷᠢᠨᠭᠡᠷ ᠪᠠᠯᠭᠠᠰᠤᠨ ᠤ ᠳᠥᠭᠦᠮ ᠨᠠᠭᠤᠷ ᠡᠷᠡᠭᠦᠯ ᠬᠠᠮᠠᠭᠠᠯᠠᠯ ᠤᠨ ᠬᠤᠷᠢᠶ᠎ᠠ 2023 ᠣᠨ ᠤ ︽ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠰᠢᠬᠢᠷ ᠰᠢᠵᠢᠩ ᠡᠪᠡᠳᠴᠢᠨ ᠤ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/17
     ᠬᠠᠷᠢᠶᠠᠲᠤ ᠣᠷᠣᠨ ᠤ ᠭᠠᠴᠠᠭᠠᠨ ᠤ ᠠᠷᠠᠳ ᠤᠨ ᠰᠢᠬᠢᠷ ᠰᠢᠵᠢᠩ ᠡᠪᠡᠳᠴᠢᠨ ᠤ ᠲᠤᠬᠠᠶ ᠲᠠᠨᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠴᠠᠭᠠᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠳᠥᠭᠦᠮ ᠨᠠᠭᠤᠷ ᠡᠷᠡᠭᠦᠯ ᠬᠠᠮᠠᠭᠠᠯᠠᠯ ᠤᠨ ᠬᠤᠷᠢᠶ᠎ᠠ ︽ᠠᠶᠤᠯ ᠲᠦᠭᠰᠢᠭᠦᠷᠢ ᠶᠢ ᠣᠶᠢᠯᠠᠭᠠᠵᠤ ᠠᠷᠭᠠᠴᠠᠬᠤ︾᠎ ᠪᠠᠷ ᠭᠤᠤᠯ ᠰᠡᠳᠦᠪ ᠪᠣᠯᠭᠠᠭᠰᠠᠨ ᠰᠢᠬᠢᠷ ᠰᠢᠵᠢᠩ ᠡᠪᠡᠳᠴᠢᠨ ᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠬᠥᠮᠦᠵᠢᠯ ᠤᠨ ᠲᠠᠶᠢᠯᠤᠮᠵᠢ ᠶᠢᠨ ᠠᠵᠢᠯᠯᠠᠭ᠎ᠠ ᠥᠷᠨᠢᠭᠦᠯᠪᠡ᠃
C:\Users\Administrator\Desktop\新闻照片\图片1.jpg
     ᠬᠥᠳᠡᠯᠭᠡᠭᠡᠨ ᠤ ᠲᠤᠬᠠᠶ ᠶᠢᠨ ᠲᠠᠯᠠᠪᠤᠷ ᠲᠤ᠂ ᠡᠮᠨᠡᠯᠭᠡ ᠶᠢᠨ ᠠᠵᠢᠯᠲᠠᠳ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠲᠣᠰᠬᠤᠨ ᠤ ᠠᠷᠠᠳ ᠲᠤ ᠰᠢᠬᠢᠷ ᠰᠢᠵᠢᠩ ᠡᠪᠡᠳᠴᠢᠨ ᠤ ᠪᠦᠷᠢᠯᠳᠦᠭᠰᠡᠨ ᠰᠢᠯᠲᠠᠭᠠᠨ᠂ ᠡᠪᠡᠳᠴᠢᠨ ᠤ ᠪᠠᠶᠢᠳᠠᠯ᠂ ᠳᠠᠪᠬᠤᠴᠠᠭᠰᠠᠨ ᠡᠪᠡᠳᠴᠢᠨ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠵᠤ ᠥᠭᠪᠡ᠃ ᠴᠢᠰᠤᠨ ᠰᠢᠬᠢᠷ ᠢ ᠬᠢᠨᠠᠨ ᠬᠡᠮᠵᠢᠬᠦ ᠪᠠ ᠬᠢᠵᠠᠭᠠᠷᠯᠠᠬᠤ ᠶᠢᠨ ᠴᠢᠬᠤᠯᠠ ᠴᠢᠨᠠᠷ ᠢ ᠭᠤᠣᠯᠳᠠᠯᠭ᠎ᠠ ᠲᠠᠢ ᠴᠢᠬᠤᠯᠠᠴᠢᠯᠠᠵᠤ᠂ ᠵᠣᠬᠢᠰᠲᠠᠶ ᠬᠤᠭᠤᠯᠠ ᠢᠳᠡᠬᠦ᠂ ᠵᠣᠬᠢᠰᠲᠠᠶ ᠬᠥᠳᠡᠯᠭᠡᠭᠡᠨ ᠬᠢᠬᠦ᠂ ᠡᠷᠡᠭᠦᠯ ᠴᠢᠭᠢᠷᠠᠭ ᠪᠡᠶ᠎ᠡ ᠶᠢᠨ ᠬᠦᠨᠳᠦ᠂ ᠡᠷᠡᠭᠦᠯ ᠴᠢᠭᠢᠷᠠᠭ ᠴᠢᠰᠤᠨ ᠰᠢᠬᠢᠷ᠂ ᠲᠣᠭᠲᠠᠭᠰᠠᠨ ᠬᠤᠭᠤᠴᠠᠭ᠎ᠠ ᠲᠠᠢ ᠪᠠᠷ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠴᠢᠰᠤᠨ ᠰᠢᠬᠢᠷ ᠢ ᠬᠡᠮᠵᠢᠬᠦ ᠶᠢᠨ ᠴᠢᠬᠤᠯᠠ ᠴᠢᠨᠠᠷ ᠵᠡᠷᠭᠡ ᠭᠤᠣᠯ ᠮᠡᠳᠡᠯᠭᠡ ᠶᠢᠨ ᠭᠤᠣᠯᠳᠠᠯᠭ᠎ᠠ ᠶᠢ ᠲᠠᠶᠢᠯᠪᠤᠷᠢᠯᠠᠵᠤ᠂ ᠭᠠᠴᠠᠭᠠᠨ ᠤ ᠠᠷᠠᠳ ᠤᠨ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠵᠤ᠂ ᠡᠷᠡᠭᠦᠯ ᠴᠢᠭᠢᠷᠠᠭ ᠤᠨ ᠪᠠᠶᠢᠳᠠᠯ ᠤᠨ ᠠᠳᠠᠯᠢ ᠪᠤᠰᠤ ᠶᠢ ᠦᠨᠳᠦᠰᠦᠯᠡᠨ᠂ ᠬᠠᠨᠳᠤᠯᠭᠠᠲᠤ ᠴᠢᠨᠠᠷᠲᠠᠶ ᠡᠷᠡᠭᠦᠯ ᠴᠢᠭᠢᠷᠠᠭ ᠠᠮᠢᠳᠤᠷᠠᠯ ᠢ ᠬᠠᠮᠢᠶᠠᠷᠬᠤ ᠠᠷᠭ᠎ᠠ ᠮᠠᠶ᠋ᠢᠭ ᠢ ᠣᠯᠭᠤᠵᠠᠶ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠡᠮᠨᠡᠯᠭᠡ ᠶᠢᠨ ᠠᠵᠢᠯᠲᠠᠳ ᠲᠤᠰ ᠠᠵᠢᠯᠯᠠᠭ᠎ᠠ ᠳᠤ ᠣᠷᠣᠯᠴᠠᠭᠰᠠᠨ ᠲᠣᠰᠬᠤᠨ ᠤ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠢ 50 ᠭᠠᠷᠤᠶ ᠬᠤᠪᠢ ᠲᠠᠷᠬᠠᠭᠠᠵᠤ᠂ ᠠᠯᠴᠢᠭᠤᠷ᠂ ᠴᠣᠮᠣ ᠵᠡᠷᠭᠡ ᠪᠡᠯᠡᠭ ᠤᠨ ᠡᠳ᠋ ᠢ 60 ᠭᠠᠷᠤᠶ ᠬᠤᠪᠢ ᠲᠠᠷᠬᠠᠭᠠᠪᠠ᠃      ᠲᠠᠷᠠᠭᠠᠴᠢ ᠶᠢᠨ ᠠᠯᠬᠤᠮ ᠳᠤ᠂ ᠵᠢᠤ ᠶᠤᠸᠠᠨ ᠲᠣᠭᠤᠷᠢᠭ ᠤᠨ ᠬᠤᠷᠢᠨᠭᠡᠷ ᠪᠠᠯᠭᠠᠰᠤᠨ ᠤ ᠳᠥᠭᠦᠮ ᠨᠠᠭᠤᠷ ᠤᠨ ᠡᠷᠡᠭᠦᠯ ᠬᠠᠮᠠᠭᠠᠯᠠᠯ ᠤᠨ ᠬᠤᠷᠢᠶ᠎ᠠ ᠦᠷᠭᠦᠯᠵᠢᠯᠡᠨ ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠢᠴᠢ ᠡᠭᠦᠳᠡᠨ ᠡᠮᠨᠡᠯᠭᠡ ᠶᠢᠨ ᠣᠨᠣᠰᠢᠯᠠᠨ ᠡᠮᠨᠡᠬᠦ ᠠᠵᠢᠯ ᠲᠠᠢ ᠤᠶᠠᠯᠳᠤᠭᠤᠯᠤᠨ᠂ ᠣᠯᠠᠨ ᠶᠠᠩᠵᠤ ᠶᠢᠨ ᠬᠡᠯᠪᠡᠷᠢ ᠶᠢᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠣᠶᠢᠯᠠᠭᠠᠭᠳᠠᠬᠤᠨ ᠪᠠ ᠡᠷᠡᠭᠦᠯ ᠮᠡᠨᠳᠦ ᠶᠢᠨ ᠮᠡᠳᠡᠯᠭᠡ ᠶᠢ ᠤᠯᠠᠮᠵᠢᠯᠠᠨ ᠥᠭᠴᠦ᠂ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号