ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2023/11/17
     ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠤ ᠶᠢᠨ 11 ᠰᠠᠷ᠎ᠠ ᠶᠢᠨ 15᠎ ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ᠂ ᠴᠢᠭᠯᠡᠯ ᠤᠨ ᠴᠢᠨᠠᠷᠲᠠᠢ ᠠᠰᠠᠭᠤᠳᠠᠯ ᠵᠢᠴᠢ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ᠃
C:\Users\Administrator\Desktop\新闻照片\1.jpg
     ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ 
C:\Users\Administrator\Desktop\新闻照片\2.jpg
     ᠰᠢ ᠶᠢᠨ ᠫᠢᠩ ᠹᠤᠶᠢᠯᠦᠷᠢ ᠡᠳ᠋ᠯᠡᠩ ᠳᠤ ᠬᠦᠷᠬᠦ ᠳᠤ ᠪᠠᠶᠢᠳᠧᠨ ᠬᠠᠯᠠᠭᠤᠨ ᠢᠶᠠᠷ ᠤᠭᠲᠤᠪᠠ᠃     ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ     ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠳᠤᠮᠳᠠᠳᠤ ᠠᠮᠧᠷᠢᠺᠠ ᠬᠤᠶᠠᠷ ᠵᠦᠢᠯ ᠤᠨ ᠰᠣᠩᠭᠤᠯᠲᠠ ᠲᠠᠢ᠄ ᠨᠢᠭᠡ ᠨᠢ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠳᠡᠯᠡᠬᠡᠢ ᠶᠢᠨ ᠠᠮᠤᠷ ᠲᠦᠪᠰᠢᠨ ᠪᠣᠯᠣᠨ ᠬᠥᠭᠵᠢᠯ ᠴᠡᠴᠡᠭᠯᠡᠯ ᠢ ᠠᠬᠢᠭᠤᠯᠤᠨ᠎ᠠ᠃ ᠨᠦᠭᠦᠭᠡ ᠨᠢ ᠦᠯᠦ ᠡᠪᠰᠡᠬᠦ ᠰᠡᠳᠬᠢᠬᠦᠢ ᠶᠢ ᠡᠪᠦᠷᠯᠡᠵᠦ᠂ ᠯᠡᠭᠧᠷ ᠤᠨ ᠡᠰᠡᠷᠭᠦᠴᠡᠯᠳᠦᠯ ᠢ ᠥᠳᠥᠭᠡᠵᠦ᠂ ᠳᠡᠯᠡᠬᠡᠢ ᠶᠢᠷᠲᠢᠨᠴᠦ ᠶᠢ ᠦᠢᠮᠡᠭᠡᠨ ᠳᠡᠪᠵᠢᠶᠡᠨ ᠪᠠ ᠬᠠᠭᠠᠴᠠᠯ ᠲᠠᠢ ᠪᠣᠯᠭᠠᠨ᠎ᠠ᠃ ᠬᠤᠶᠠᠷ ᠵᠦᠢᠯ ᠤᠨ ᠰᠣᠩᠭᠤᠯᠲᠠ ᠨᠢ ᠬᠤᠶᠠᠷ ᠴᠢᠭᠯᠡᠯ ᠢ ᠲᠥᠯᠥᠭᠡᠯᠡᠵᠦ᠂ ᠬᠥᠮᠥᠨ ᠲᠥᠷᠥᠯᠬᠢᠲᠡᠨ ᠤ ᠢᠷᠡᠭᠡᠳᠦᠢ ᠪᠠ ᠳᠡᠯᠡᠬᠡᠢ ᠶᠢᠨ ᠪᠥᠮᠪᠥᠷᠴᠡᠭ ᠤᠨ ᠢᠷᠡᠭᠡᠳᠦᠢ ᠶᠢ ᠲᠣᠭᠲᠠᠭᠠᠨ᠎ᠠ᠃ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠪᠣᠯᠤᠭᠰᠠᠨ ᠤ ᠬᠤᠪᠢ ᠳᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠡᠨᠡ ᠬᠦ ᠶᠡᠭᠡ ᠠᠬᠤᠢ ᠪᠠᠶᠢᠳᠠᠯ ᠳᠣᠣᠷ᠎ᠠ ᠪᠣᠳᠣᠯᠬᠢᠯᠠᠨ ᠲᠥᠯᠥᠪᠵᠢᠭᠦᠯᠬᠦ ᠬᠡᠷᠡᠭᠲᠡᠢ᠃ ᠳᠤᠮᠳᠠᠳᠤ ᠠᠮᠧᠷᠢᠺᠠ ᠬᠤᠶᠠᠷ ᠤᠯᠤᠰ ᠬᠠᠷᠢᠯᠴᠠᠬᠤ ᠦᠭᠡᠢ ᠪᠠᠶᠢᠵᠤ ᠪᠤᠯᠬᠤ ᠦᠭᠡᠢ᠂ ᠨᠦᠭᠦᠭᠡ ᠡᠲᠡᠭᠡᠳ ᠢᠶᠠᠨ ᠬᠤᠪᠢᠷᠠᠭᠤᠯᠬᠤ ᠨᠢ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠶᠤᠮ᠂ ᠮᠥᠷᠭᠦᠯᠳᠦᠭᠡᠨ ᠡᠰᠡᠷᠭᠦᠴᠡᠯᠳᠦᠯ ᠤᠨ ᠦᠷ᠎ᠡ ᠳ᠋ᠦᠩ ᠢ ᠬᠡᠨ ᠴᠦ ᠳᠠᠭᠠᠭᠠᠵᠤ ᠴᠢᠳᠠᠬᠤ ᠦᠭᠡᠢ ᠶᠤᠮ᠃ ᠲᠣᠮᠣ ᠤᠯᠤᠰ ᠤᠨ ᠥᠷᠢᠰᠦᠯᠳᠦᠭᠡᠨ ᠨᠢ ᠳᠤᠮᠳᠠᠳᠤ ᠠᠮᠧᠷᠢᠺᠠ ᠬᠤᠶᠠᠷ ᠤᠯᠤᠰ ᠪᠠ ᠳᠡᠯᠡᠬᠡᠢ ᠳ᠋ᠠᠬᠢᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠡᠨᠡ ᠳᠡᠯᠡᠬᠡᠢ ᠶᠢᠨ ᠪᠥᠮᠪᠥᠷᠴᠡᠭ ᠳᠤᠮᠳᠠᠳᠤ ᠠᠮᠧᠷᠢᠺᠠ ᠬᠤᠶᠠᠷ ᠤᠯᠤᠰ ᠢ ᠪᠠᠭᠲᠠᠭᠠᠵᠤ ᠴᠢᠳᠠᠨ᠎ᠠ᠃ ᠳᠤᠮᠳᠠᠳᠤ ᠠᠮᠧᠷᠢᠺᠠ ᠶᠢᠨ ᠥᠪᠡᠷ ᠥᠪᠡᠷ ᠤᠨ ᠬᠢᠨᠢ ᠠᠮᠵᠢᠯᠲᠠ ᠨᠢ ᠬᠠᠷᠢᠯᠴᠠᠨ ᠠᠵᠠ ᠲᠣᠭᠢᠶᠠᠯ ᠪᠣᠯᠣᠨ᠎ᠠ ᠭᠡᠵᠦ ᠵᠢᠭᠠᠵᠤ ᠭᠠᠷᠭᠠᠪᠠ᠃     ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠪᠣᠯᠣᠨ ᠠᠭᠤᠯᠤᠭᠳᠠᠬᠤᠨ ᠤ ᠠᠴᠢ ᠬᠤᠯᠪᠣᠭᠳᠠᠯ ᠵᠢᠴᠢ ᠳᠤᠮᠳᠠᠳᠤ ᠤᠯᠤᠰ ᠤᠨ ᠬᠥᠭᠵᠢᠯᠲᠡ ᠶᠢᠨ ᠠᠯᠤᠰ ᠢᠷᠡᠭᠡᠳᠦᠢ ᠪᠣᠯᠣᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠰᠢ ᠶᠢᠨ ᠫᠢᠩ᠂ ᠳᠤᠮᠳᠠᠳᠤ ᠤᠯᠤᠰ ᠤᠨ ᠬᠥᠭᠵᠢᠯᠲᠡ ᠨᠢ ᠲᠤᠰ ᠪᠡᠶ᠎ᠡ ᠶᠢᠨ ᠯᠣᠭᠢᠭ ᠪᠠ ᠵᠢᠮ᠎ᠡ ᠶᠣᠰᠣ ᠲᠠᠢ ᠶᠤᠮ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠤᠮᠳᠠᠳᠤ ᠤᠯᠤᠰ ᠺᠣᠯᠣᠨᠢᠴᠢᠯᠠᠨ ᠳᠡᠭᠡᠷᠡᠮᠳᠡᠬᠦ ᠬᠠᠭᠤᠴᠢᠨ ᠵᠠᠮ ᠢᠶᠠᠷ ᠵᠠᠮᠨᠠᠬᠤ ᠦᠭᠡᠢ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ ᠵᠠᠮ ᠢᠶᠠᠷ ᠵᠠᠮᠨᠠᠬᠤ ᠦᠭᠡᠢ᠂ ᠦᠵᠡᠯ ᠤᠬᠠᠮᠰᠠᠷ ᠤᠨ ᠭᠡᠯᠪᠡᠷᠢ ᠪᠠᠨ ᠴᠤ ᠭᠠᠳᠠᠭᠰᠢ ᠭᠠᠷᠭᠠᠬᠤ ᠦᠭᠡᠢ᠃ ᠳᠤᠮᠳᠠᠳᠤ ᠤᠯᠤᠰ ᠲᠤ ᠠᠮᠧᠷᠢᠺᠠ ᠶᠢ ᠳᠠᠪᠠᠭ᠋ᠤ ᠪᠤᠶᠤ ᠠᠮᠧᠷᠢᠺᠠ ᠶᠢ ᠣᠷᠣᠯᠠᠬᠤ ᠲᠥᠯᠦᠪᠵᠢᠭᠦᠯᠭᠡ ᠪᠠᠶᠢᠬᠤ ᠦᠭᠡᠢ᠂ ᠠᠮᠧᠷᠢᠺᠠ ᠴᠤ ᠪᠢᠲᠡᠭᠡᠢ ᠳᠤᠮᠳᠠᠳᠤ ᠤᠯᠤᠰ ᠢ ᠳᠠᠷᠤᠩᠭᠤᠶᠢᠯᠠᠵᠤ ᠬᠤᠷᠢᠭᠯᠠᠬᠤ ᠲᠥᠯᠥᠪᠯᠡᠭᠡ ᠲᠠᠢ ᠪᠠᠶᠢᠭᠠᠷᠠᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠨᠢ 50 ᠵᠢᠯ ᠤᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠡᠦᠬᠡᠨ ᠶᠠᠪᠤᠴᠠ ᠠᠴᠠ ᠳ᠋ᠦᠩᠨᠡᠭᠰᠡᠨ ᠲᠤᠷᠰᠢᠯᠭ᠎ᠠ ᠪᠤᠯᠬᠤ ᠪᠠᠷ ᠪᠠᠷᠠᠬᠤ ᠦᠭᠡᠢ ᠪᠠᠰᠠ ᠴᠤ ᠲᠡᠦᠬᠡᠨ ᠳᠡᠭᠡᠷᠡᠬᠢ ᠲᠣᠮᠣ ᠤᠯᠤᠰ ᠤᠨ ᠮᠥᠷᠭᠦᠯᠳᠦᠭᠡᠨ ᠤ ᠣᠯᠭᠤᠭᠰᠠᠨ ᠰᠡᠩᠬᠡᠷᠡᠭᠦᠯᠦᠯ ᠪᠠᠶᠢᠵᠤ᠂ ᠳᠤᠮᠳᠠᠳᠤ ᠠᠮᠧᠷᠢᠺᠠ ᠶᠢᠨ ᠬᠠᠮᠲᠤ ᠪᠠᠷ ᠴᠢᠷᠮᠠᠶᠢᠬᠤ ᠴᠢᠭᠯᠡᠯ ᠪᠠᠶᠢᠬᠤ ᠶᠣᠰᠣᠲᠠᠢ᠃ ᠡᠨᠡ ᠤᠳᠠᠭ᠎ᠠ ᠶᠢᠨ ᠰᠠᠨ ᠹᠷᠠᠨᠰᠢᠰᠺᠤ ᠶᠢᠨ ᠠᠭᠤᠯᠵᠠᠯᠲᠠ ᠳᠤ᠂ ᠳᠤᠮᠳᠠᠳᠤ ᠠᠮᠧᠷᠢᠺᠠ ᠰᠢᠨ᠎ᠡ ᠬᠦᠰᠡᠯ ᠡᠷᠡᠮᠡᠯᠵᠡᠯ ᠲᠠᠢ ᠪᠠᠶᠢᠵᠤ᠂ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠠᠪᠤᠨ ᠲᠤᠯᠭᠠᠭᠤᠷᠢ ᠶᠢ ᠴᠣᠭᠴᠠᠯᠠᠨ ᠪᠣᠰᠬᠠᠪᠠᠯ ᠵᠣᠬᠢᠨ᠎ᠠ᠃ᠨᠢᠭᠡ ᠳᠤ᠂ ᠵᠥᠪ ᠲᠠᠨᠢᠯᠲᠠ ᠶᠢ ᠬᠠᠮᠲᠤ ᠪᠠᠷ ᠪᠤᠢ ᠪᠣᠯᠭᠠᠶ᠎ᠠ᠃ ᠳᠤᠮᠳᠠᠳᠤ ᠤᠯᠤᠰ ᠢᠮᠠᠭᠲᠠ ᠲᠣᠭᠲᠠᠭᠤᠨ᠂ ᠡᠷᠡᠭᠦᠯ᠂ ᠦᠷᠭᠦᠯᠵᠢᠯᠡᠬᠦ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠭᠰᠠᠭᠠᠷ ᠢᠷᠡᠪᠡ᠃ ᠡᠭᠦᠨ ᠤ ᠬᠠᠮᠲᠤ᠂ ᠳᠤᠮᠳᠠᠳᠤ ᠤᠯᠤᠰ ᠲᠤ ᠪᠠᠰᠠ ᠡᠷᠬᠡᠪᠰᠢ ᠬᠠᠮᠠᠭᠠᠯᠠᠬᠤ ᠴᠢᠬᠤᠯᠠᠲᠠᠢ ᠠᠰᠢᠭ ᠲᠤᠰᠠ᠂ ᠡᠷᠬᠡᠪᠰᠢ ᠬᠠᠮᠠᠭᠠᠯᠠᠬᠤ ᠴᠢᠬᠤᠯᠠᠲᠠᠢ ᠵᠠᠷᠴᠢᠮ᠂ ᠡᠷᠬᠡᠪᠰᠢ ᠪᠠᠲᠤ ᠰᠠᠬᠢᠬᠤ ᠴᠢᠬᠤᠯᠠᠲᠠᠢ ᠬᠤᠷᠢᠭ᠎ᠠ ᠱᠤᠭᠤᠮ ᠪᠤᠢ᠃ ᠬᠤᠶᠠᠷ ᠤᠯᠤᠰ ᠬᠠᠨᠢᠲᠠᠨ ᠪᠣᠯᠵᠤ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠢ ᠬᠦᠰᠡᠵᠦ ᠪᠠᠶᠢᠨ᠎ᠠ᠃     ᠬᠤᠶᠠᠷ ᠲᠤ᠂ ᠵᠥᠷᠢᠯᠳᠦᠭᠡᠨ ᠢᠶᠠᠨ ᠬᠠᠮᠲᠤ ᠪᠠᠷ ᠪᠦᠲᠦᠮᠵᠢᠲᠡᠢ ᠬᠠᠮᠢᠶᠠᠷᠤᠨ ᠡᠵᠡᠮᠳᠡᠶ᠎ᠡ᠃ ᠵᠥᠷᠢᠯᠳᠦᠭᠡᠨ ᠢ ᠬᠤᠶᠠᠷ ᠤᠯᠤᠰ ᠤᠨ ᠬᠤᠭᠤᠷᠣᠨᠳᠤ ᠬᠥᠨᠳᠡᠯᠢᠰᠬᠦ ᠵᠠᠭᠠᠭ ᠪᠤᠯᠭᠠᠵᠤ ᠪᠤᠯᠬᠤ ᠦᠭᠡᠢ᠂ ᠬᠠᠷᠢᠨ ᠠᠷᠭ᠎ᠠ ᠰᠦᠪᠡᠭᠴᠢᠯᠡᠨ ᠠᠳᠠᠯᠢ ᠴᠢᠭᠯᠡᠯ ᠢᠶᠠᠷ ᠤᠷᠤᠭᠰᠢᠯᠠᠬᠤ ᠬᠥᠭᠦᠷᠭᠡ ᠲᠠᠯᠪᠢᠶ᠎ᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠵᠠᠷᠴᠢᠮ ᠬᠤᠷᠢᠭ᠎ᠠ ᠱᠤᠭᠤᠮ ᠢ ᠣᠶᠢᠯᠠᠭᠠᠵᠤ᠂ ᠳᠡᠩᠰᠡᠯᠭᠡᠬᠦ ᠦᠭᠡᠢ᠂ ᠦ ᠰᠠᠪ ᠡᠷᠢᠬᠦ ᠦᠭᠡᠢ᠂ ᠬᠡᠮᠵᠢᠶ᠎ᠡ ᠠᠴᠠ ᠬᠡᠲᠦᠷᠡᠭᠦᠯᠬᠦ ᠦᠭᠡᠢ ᠪᠠᠶᠢᠵᠤ᠂ ᠢᠯᠡᠭᠦᠬᠡᠨ ᠣᠯᠣᠯᠴᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠵᠥᠪᠳᠡᠯᠴᠡᠵᠦ᠂ ᠵᠥᠷᠢᠯᠳᠦᠭᠡᠨ ᠪᠠ ᠰᠠᠨᠠᠭᠠᠨ ᠠᠴᠠ ᠭᠠᠳᠠᠭᠤᠷ ᠶᠠᠪᠤᠳᠠᠯ ᠢ ᠯᠠᠪᠳᠠᠭᠤᠨ ᠰᠢᠢᠳᠪᠦᠷᠢᠯᠡᠶ᠎ᠡ᠃     ᠭᠤᠷᠪᠠ ᠳᠤ᠂ ᠬᠠᠷᠢᠯᠴᠠᠨ ᠠᠰᠢᠭᠲᠠᠢ ᠬᠠᠮᠵᠢᠯᠴᠠᠭ᠎ᠠ ᠶᠢ ᠠᠬᠢᠭᠤᠯᠤᠶ᠎ᠠ᠃ ᠳᠤᠮᠳᠠᠳᠤ ᠠᠮᠧᠷᠢᠺᠠ ᠤᠯᠠᠨ ᠬᠦᠷᠢᠶᠡᠨ ᠳᠤ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠲᠠᠢ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶ᠎ᠡ ᠶᠢ ᠪᠠᠭᠲᠠᠭᠠᠬᠤ ᠪᠥᠭᠡᠳ ᠠᠭᠤᠷ ᠠᠮᠢᠰᠬᠤᠯ ᠤᠨ ᠬᠤᠪᠢᠷᠠᠯᠲᠠ᠂ ᠵᠣᠬᠢᠶᠠᠮᠠᠯ ᠤᠶᠤᠨ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠶᠢ ᠴᠦ ᠪᠠᠭᠲᠠᠭᠠᠨ᠎ᠠ᠃ ᠣᠳᠣᠬᠠᠨ ᠤ ᠪᠠᠶᠢᠳᠠᠯ ᠳᠣᠣᠷ᠎ᠠ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢᠯᠭᠡᠭᠡ᠂ ᠬᠤᠳᠠᠯᠳᠤᠭᠠᠨ ᠤ ᠶᠠᠪᠤᠳᠠᠯ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠳᠠᠭᠢᠨ ᠰᠡᠷᠭᠦᠭᠡᠭᠰᠡᠨ ᠪᠤᠶᠤ ᠪᠠᠶᠢᠭᠤᠯᠤᠭᠰᠠᠨ ᠲᠣᠭᠲᠠᠴᠠ ᠶᠢ ᠭᠦᠢᠴᠡᠳ ᠰᠠᠶᠢᠲᠤᠷ ᠠᠰᠢᠭᠯᠠᠵᠤ᠂ ᠬᠤᠣᠷ ᠴᠠᠭᠠᠵᠠᠯᠠᠬᠤ᠂ ᠬᠠᠤᠯᠢ ᠬᠡᠷᠡᠭᠵᠢᠭᠦᠯᠬᠦ᠂ ᠵᠣᠬᠢᠶᠠᠮᠠᠯ ᠤᠶᠤᠨ ᠴᠢᠳᠠᠪᠤᠷᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠨᠢᠭᠦᠯᠦᠶ᠎ᠡ᠃ᠳᠥᠷᠪᠡ ᠳᠤ᠂ ᠲᠣᠮᠣ ᠤᠯᠤᠰ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠶ᠎ᠡ᠃ ᠬᠥᠮᠥᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠶᠠᠷᠰᠢᠭ ᠲᠦᠪᠡᠭᠲᠡᠢ ᠶᠠᠪᠤᠳᠠᠯ ᠢ ᠰᠢᠢᠳᠪᠦᠷᠢᠯᠡᠬᠦ ᠳᠤ ᠲᠣᠮᠣ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠠᠮᠧᠷᠢᠺᠠ ᠬᠡᠪ ᠳᠠᠭᠤᠷᠢᠶᠠᠯ ᠪᠣᠯᠵᠤ᠂ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷᠡᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠲᠤ ᠨᠡᠩ ᠤᠯᠠᠨ ᠤᠯᠠᠨ ᠨᠡᠶᠢᠲᠡ ᠶᠢᠨ ᠦᠢᠯᠡᠳᠬᠦᠨ ᠢ ᠬᠠᠩᠭᠠᠪᠠᠯ ᠵᠣᠬᠢᠨ᠎ᠠ᠃ ᠬᠤᠶᠠᠷ ᠲᠠᠯ᠎ᠠ ᠶᠢᠨ ᠳᠤᠷᠠᠳᠤᠭᠰᠠᠨ ᠰᠠᠨᠠᠭᠠᠴᠢᠯᠠᠭ᠎ᠠ ᠨᠢ ᠬᠠᠷᠢᠯᠴᠠᠨ ᠨᠡᠭᠡᠭᠡᠯᠲᠡᠲᠡᠢ ᠪᠠᠶᠢᠪᠠᠯ ᠵᠣᠬᠢᠨ᠎ᠠ᠂ ᠪᠠᠰᠠ ᠵᠣᠬᠢᠴᠠᠭᠤᠯᠤᠨ ᠵᠣᠯᠭᠠᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠳᠡᠯᠡᠬᠡᠢ ᠳ᠋ᠠᠬᠢᠨ ᠳᠤ ᠪᠤᠶᠠᠨ ᠦᠢᠯᠡᠳᠴᠦ ᠪᠣᠯᠣᠨ᠎ᠠ᠃ᠲᠠᠪᠤ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠮᠲᠤ ᠪᠠᠷ ᠠᠬᠢᠭᠤᠯᠤᠶ᠎ᠠ᠃ ᠬᠤᠶᠠᠷ ᠤᠯᠤᠰ ᠤᠨ ᠵᠢᠰᠢᠶᠠᠨ ᠤ ᠨᠢᠰᠬᠡᠯ ᠢ ᠨᠡᠮᠡᠭᠳᠡᠭᠦᠯᠵᠦ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠷᠣᠨ ᠨᠤᠲᠤᠭ ᠤᠨ ᠶᠠᠪᠤᠯᠴᠠᠭ᠎ᠠ ᠶᠢ ᠥᠷᠭᠡᠳᠬᠡᠵᠦ᠂ ᠰᠤᠷᠭᠠᠨ ᠬᠥᠮᠦᠵᠢᠯ᠂ ᠵᠡᠮᠳᠡᠭᠴᠦᠳ ᠤᠨ ᠬᠡᠷᠡᠭ ᠶᠠᠪᠤᠳᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠷᠰᠢᠯᠠᠵᠤ ᠪᠠᠶᠢᠭ᠎ᠠ ᠨᠠᠵᠠᠭᠠᠢ ᠲᠠᠯ᠎ᠠ ᠶᠢᠨ ᠬᠦᠴᠦᠨ ᠵᠦᠢᠯ ᠢ ᠪᠠᠭᠠᠰᠬᠠᠵᠤ᠂ ᠬᠤᠶᠠᠷ ᠤᠯᠤᠰ ᠤᠨ ᠠᠷᠠᠳ ᠲᠦᠮᠡᠨ ᠤ ᠢᠯᠡᠭᠦᠬᠡᠨ ᠶᠠᠪᠤᠯᠴᠠᠵᠤ᠂ ᠢᠯᠡᠭᠦᠬᠡᠨ ᠣᠯᠣᠯᠴᠠᠬᠤ ᠶᠢ ᠵᠣᠷᠢᠭᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠳᠤ ᠰᠠᠭᠤᠷᠢ ᠶᠢ ᠪᠠᠲᠤᠳᠬᠠᠶ᠎ᠠ ᠭᠡᠵᠦ ᠵᠢᠭᠠᠵᠤ ᠭᠠᠷᠭᠠᠪᠠ᠃ᠰᠢ ᠶᠢᠨ ᠫᠢᠩ ᠲᠠᠶᠢᠸᠠᠨ ᠤ ᠠᠰᠠᠭᠤᠳᠠᠯ ᠤᠨ ᠲᠤᠬᠠᠢ ᠵᠠᠷᠴᠢᠮ ᠵᠣᠭᠰᠣᠯᠲᠠ ᠪᠠᠨ ᠭᠦᠨᠵᠡᠭᠡᠢ ᠲᠣᠳᠣᠷᠬᠠᠶᠢᠯᠠᠨ ᠥᠭᠦᠯᠡᠵᠦ᠂ ᠲᠠᠶᠢᠸᠠᠨ ᠤ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠤᠮᠳᠠᠬᠢ ᠬᠠᠮᠤᠭ ᠤᠨ ᠴᠢᠬᠤᠯᠠ᠂ ᠬᠠᠮᠤᠭ ᠤᠨ ᠰᠡᠷᠭᠡᠭ ᠠᠰᠠᠭᠤᠳᠠᠯ ᠪᠣᠯᠣᠨ᠎ᠠ᠃ ᠪᠠᠯᠢ ᠠᠷᠠᠯ ᠤᠨ ᠠᠭᠤᠯᠵᠠᠯᠲᠠ ᠶᠢᠨ ᠦᠶ᠎ᠡ ᠶᠢᠨ ᠠᠮᠧᠷᠢᠺᠠ ᠶᠢᠨ ᠬᠤᠯᠪᠣᠭᠳᠠᠯ ᠪᠦᠬᠦᠢ ᠢᠳᠡᠪᠬᠢᠲᠡᠢ ᠣᠪᠣᠷ ᠢ ᠳᠤᠮᠳᠠᠳᠤ ᠤᠯᠤᠰ ᠴᠢᠬᠤᠯᠠᠴᠢᠯᠠᠵᠤ ᠪᠠᠶᠢᠨ᠎ᠠ᠃ ᠠᠮᠧᠷᠢᠺᠠ ᠶᠢᠨ ᠬᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾᠎ ᠶᠢ ᠦᠯᠦ ᠳᠡᠮᠵᠢᠬᠦ ᠣᠪᠣᠷ ᠢᠶᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠲᠠᠶᠢᠸᠠᠨ ᠢ ᠵᠡᠪᠰᠡᠭᠯᠡᠬᠦ ᠪᠠᠨ ᠵᠣᠭᠰᠣᠵᠤ᠂ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠶᠢ ᠳᠡᠮᠵᠢᠪᠡᠯ ᠵᠣᠬᠢᠨ᠎ᠠ᠃ ᠳᠤᠮᠳᠠᠳᠤ ᠤᠯᠤᠰ ᠡᠴᠦᠰ ᠲᠡᠭᠡᠨ ᠨᠢᠭᠡᠳᠬᠦ ᠪᠥᠭᠡᠳ ᠵᠠᠶᠢᠯᠠᠰᠢ ᠦᠭᠡᠢ ᠨᠢᠭᠡᠳᠬᠦ ᠶᠤᠮ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠠᠮᠧᠷᠢᠺᠠ ᠶᠢᠨ ᠬᠢᠨ ᠭᠠᠳᠠᠭᠠᠳᠤ ᠭᠠᠷᠭᠠᠯᠲᠠ ᠶᠢᠨ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠬᠢᠨᠠᠨ ᠪᠠᠶᠢᠴᠠᠭᠠᠯᠲᠠ᠂ ᠭᠠᠭᠴᠠ ᠲᠠᠯ᠎ᠠ ᠶᠢᠨ ᠵᠠᠯᠬᠠᠭᠠᠯ ᠤᠨ ᠲᠠᠯ᠎ᠠ ᠪᠠᠷ ᠲᠠᠰᠤᠷᠠᠯᠲᠠ ᠦᠭᠡᠢ ᠳᠤᠮᠳᠠᠳᠤ ᠤᠯᠤᠰ ᠲᠤ ᠴᠢᠭᠯᠡᠭᠦᠯᠦᠭᠰᠡᠨ ᠠᠷᠭ᠎ᠠ ᠬᠡᠮᠵᠢᠶ᠎ᠡ ᠠᠪᠴᠤ᠂ ᠳᠤᠮᠳᠠᠳᠤ ᠤᠯᠤᠰ ᠤᠨ ᠵᠦᠢ ᠶᠣᠰᠣᠨ ᠤ ᠠᠰᠢᠭ ᠲᠤᠰᠠ ᠶᠢ ᠬᠦᠨᠳᠦ ᠨᠣᠴᠢᠲᠠᠢ ᠬᠤᠬᠢᠷᠠᠭᠤᠯᠵᠤ ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠰᠠᠨ ᠶᠤᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠯᠪᠠᠳᠠᠨ ᠳᠠᠷᠤᠬᠤ ᠪᠣᠯ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠬᠤᠷᠢᠭᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠡᠷᠬᠡ ᠶᠢ ᠪᠤᠯᠢᠶᠠᠭᠰᠠᠨ ᠶᠠᠪᠤᠳᠠᠯ ᠪᠣᠯᠣᠨ᠎ᠠ᠃ ᠳᠤᠮᠳᠠᠳᠤ ᠤᠯᠤᠰ ᠤᠨ ᠬᠥᠭᠵᠢᠯ ᠪᠤᠵᠠᠭᠠᠶᠢᠷᠠᠯ ᠨᠢ ᠳᠣᠲᠣᠭᠠᠳᠤ ᠯᠣᠭᠢᠭ ᠲᠠᠢ ᠪᠠᠶᠢᠵᠤ᠂ ᠭᠠᠳᠠᠭᠠᠳᠤ ᠬᠦᠴᠦᠨ ᠬᠤᠷᠢᠭᠯᠠᠵᠤ ᠳᠡᠶᠢᠯᠭᠦ ᠦᠭᠡᠢ ᠶᠤᠮ᠃ ᠠᠮᠧᠷᠢᠺᠠ ᠶᠢᠨ ᠬᠢᠨ ᠳᠤᠮᠳᠠᠳᠤ ᠤᠯᠤᠰ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠲᠥᠪ ᠴᠢᠩᠭ᠎ᠠ ᠪᠠᠷ ᠬᠠᠨᠳᠤᠵᠤ᠂ ᠠᠵᠢᠯᠯᠠᠭ᠎ᠠ ᠠᠪᠴᠤ᠂ ᠭᠠᠭᠴᠠ ᠲᠠᠯ᠎ᠠ ᠶᠢᠨ ᠵᠠᠯᠬᠠᠭᠠᠯ ᠢ ᠬᠦᠴᠦᠨ ᠦᠭᠡᠢ ᠪᠤᠯᠭᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠲᠥᠪ ᠭᠤᠣᠯᠴᠢ᠂ ᠦᠯᠦ ᠭᠠᠳᠠᠭᠤᠷᠴᠢᠯᠠᠬᠤ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ᠪᠠᠶᠢᠳᠧᠨ ᠰᠢ ᠶᠢᠨ ᠫᠢᠩ ᠤᠨ ᠤᠷᠢᠯᠭ᠎ᠠ ᠪᠠᠷ ᠠᠮᠧᠷᠢᠺᠠ ᠳᠤ ᠬᠦᠷᠴᠦ ᠠᠮᠧᠷᠢᠺᠠ ᠳᠤᠮᠳᠠᠳᠤ ᠶᠢᠨ ᠲᠡᠷᠢᠭᠦᠨ ᠤ ᠠᠭᠤᠯᠵᠠᠯᠲᠠ ᠳᠤ ᠣᠷᠤᠯᠴᠠᠬᠤ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠪᠠᠶᠢᠳᠧᠨ᠂ ᠨᠢᠳᠤᠨᠤᠨ ᠪᠢ ᠲᠡᠷᠢᠭᠦᠯᠡᠭᠴᠢ ᠰᠢ ᠶᠢᠨ ᠫᠢᠩ ᠲᠠᠢ ᠪᠠᠯᠢ ᠠᠷᠠᠯ ᠳᠤ ᠴᠢᠬᠤᠯᠠ ᠠᠭᠤᠯᠵᠠᠯᠲᠠ ᠬᠢᠵᠡᠢ᠃ ᠰᠠᠨ ᠹᠷᠠᠨᠰᠢᠰᠺᠤ ᠪᠣᠯ ᠳᠤᠮᠳᠠᠳᠤᠴᠤᠳ ᠤᠨ ᠬᠠᠮᠤᠭ ᠤᠨ ᠲᠦᠷᠦᠭᠦᠨ ᠳᠤ ᠠᠮᠧᠷᠢᠺᠠ ᠳᠤ ᠬᠦᠷᠬᠦ ᠭᠠᠵᠠᠷ ᠮᠥᠨ᠂ ᠠᠮᠧᠷᠢᠺᠠ ᠳᠤᠮᠳᠠᠳᠤ ᠬᠠᠮᠲᠤ ᠪᠠᠷ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾᠎ ᠳᠤ ᠭᠠᠷ ᠤᠨ ᠦᠰᠦᠭ ᠵᠢᠷᠤᠬᠤ ᠳᠤ ᠣᠷᠣᠯᠴᠠᠬᠰᠠᠨ ᠭᠠᠵᠠᠷ ᠮᠥᠨ᠂ ᠮᠥᠨ ᠴᠤ ᠠᠮᠧᠷᠢᠺᠠ ᠳᠤᠮᠳᠠᠳᠤ ᠬᠠᠮᠤᠭ ᠤᠨ ᠡᠷᠲᠡ ᠨᠥᠭᠦᠷᠰᠡᠭ ᠬᠤᠳᠠ ᠪᠠᠶᠢᠭᠤᠯᠤᠭᠰᠠᠨ ᠭᠠᠵᠠᠷ ᠮᠥᠨ᠃ ᠥᠨᠥᠳᠥᠷ ᠪᠢᠳᠡ ᠰᠠᠨ ᠹᠷᠠᠨᠰᠢᠰᠺᠤ ᠳᠤ ᠳᠠᠬᠢᠨᠲᠠ ᠨᠢᠭᠤᠷᠲᠠᠨ ᠠᠭᠤᠯᠵᠠᠭᠰᠠᠨ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠂ ᠪᠢ ᠪᠠᠯᠢ ᠠᠷᠠᠯ ᠤᠨ ᠠᠭᠤᠯᠵᠠᠯᠲᠠ ᠶᠢᠨ ᠰᠠᠭᠤᠷᠢᠨ ᠳᠡᠭᠡᠷ᠎ᠡ ᠰᠢᠨ᠎ᠡ ᠬᠠᠮᠲᠤ ᠶᠢᠨ ᠲᠠᠨᠢᠯᠲᠠ ᠪᠠ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠮᠥᠨ᠂ ᠠᠮᠧᠷᠢᠺᠠ ᠳᠤᠮᠳᠠᠳᠤ ᠶᠢᠨ ᠮᠥᠷᠭᠦᠯᠳᠦᠭᠡᠨ ᠨᠢ ᠵᠠᠶᠢᠯᠠᠰᠢ ᠦᠭᠡᠢ ᠪᠢᠰᠢ᠂ ᠨᠢᠭᠡᠨ ᠲᠣᠭᠲᠠᠭᠤᠨ ᠪᠠ ᠬᠥᠭᠵᠢᠭᠰᠡᠨ ᠳᠤᠮᠳᠠᠳᠤ ᠤᠯᠤᠰ ᠨᠢ ᠠᠮᠧᠷᠢᠺᠠ ᠪᠣᠯᠣᠨ ᠳᠡᠯᠡᠬᠡᠢ ᠶᠢᠨ ᠠᠰᠢᠭ ᠲᠤᠰᠠ ᠳᠤ ᠨᠡᠶᠢᠴᠡᠨ᠎ᠡ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠨᠢ ᠠᠮᠧᠷᠢᠺᠠ ᠳᠤ ᠠᠰᠢᠭᠲᠠᠢ ᠪᠥᠭᠡᠳ ᠳᠡᠯᠡᠬᠡᠢ ᠳ᠋ᠠᠬᠢᠨ ᠳᠤ ᠴᠤ ᠠᠰᠢᠭᠲᠠᠢ ᠭᠡᠵᠦ ᠪᠢ ᠢᠮᠠᠭᠲᠠ ᠦᠵᠡᠭᠰᠡᠭᠡᠷ ᠢᠷᠡᠵᠠᠢ᠃ ᠠᠮᠧᠷᠢᠺᠠ ᠳᠤᠮᠳᠠᠳᠤ ᠶᠢᠨ ᠬᠠᠷᠢᠯᠴᠠᠭ᠎ᠠ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠮᠥᠷᠭᠦᠯᠳᠦᠭᠡᠨ ᠢ ᠰᠡᠷᠭᠡᠶᠢᠯᠡᠵᠦ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ ᠶᠢᠨ ᠬᠠᠮᠲᠤ ᠬᠤᠶᠠᠷ ᠲᠠᠯ᠎ᠠ ᠶᠢᠨ ᠠᠰᠢᠭ ᠲᠤᠰᠠ ᠳᠤ ᠨᠡᠶᠢᠴᠡᠬᠦ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠬᠦ ᠨᠢ ᠬᠤᠶᠠᠷ ᠤᠯᠤᠰ ᠤᠨ ᠲᠤᠰ ᠲᠤᠰ ᠤᠨ ᠪᠠ ᠬᠠᠮᠲᠤ ᠪᠠᠷ ᠲᠤᠯᠭᠠᠷᠠᠵᠤ ᠪᠠᠶᠢᠭ᠎ᠠ ᠠᠰᠠᠭᠤᠳᠠᠯ ᠢ ᠨᠡᠩ ᠰᠠᠶᠢᠲᠤᠷ ᠠᠷᠭᠠᠴᠠᠭᠠᠬᠤ ᠳᠤ ᠠᠰᠢᠭᠲᠠᠢ ᠶᠤᠮ᠃ ᠪᠢ ᠳᠤᠷᠠᠲᠠᠶ᠎ᠠ ᠪᠠᠯᠢ ᠠᠷᠠᠯ ᠤᠨ ᠠᠭᠤᠯᠵᠠᠯᠲᠠ ᠳᠤ ᠬᠢᠭᠰᠡᠨ ᠲᠠᠪᠤᠨ ᠠᠮᠠᠯᠠᠯᠲᠠ ᠶᠢ ᠳᠠᠪᠲᠠᠨ ᠢᠯᠡᠷᠬᠡᠶᠢᠯᠡᠶ᠎ᠡ᠂ ᠲᠤᠬᠠᠶᠢᠯᠠᠪᠠᠯ᠄ ᠠᠮᠧᠷᠢᠺᠠ ᠰᠢᠨ᠎ᠡ ᠬᠦᠢᠲᠡᠨ ᠲᠠᠶᠢᠨ ᠢ ᠡᠷᠢᠯᠬᠢᠯᠡᠬᠦ ᠦᠭᠡᠢ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ ᠡᠷᠢᠯᠬᠢᠯᠡᠬᠦ ᠦᠭᠡᠢ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠦᠭᠡᠢ᠂ ︽ᠲᠠᠶᠢᠸᠠᠨ ᠤ ᠲᠤᠰᠠᠭᠠᠷ ᠲᠣᠭᠲᠠᠨᠢᠬᠤ︾᠎ ᠶᠢ ᠳᠡᠮᠵᠢᠬᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ᠃ ᠠᠮᠧᠷᠢᠺᠠ ᠳᠤᠮᠳᠠᠳᠤ ᠶᠢᠨ ᠠᠵᠤ ᠠᠬᠤᠢ ᠬᠠᠷᠢᠯᠴᠠᠨ ᠲᠦᠰᠢᠭᠯᠡᠯᠴᠡᠨ᠎ᠡ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠴᠢᠨᠡᠭᠡᠯᠢᠭᠵᠢᠯ ᠢ ᠣᠯᠵᠤ ᠬᠠᠷᠠᠬᠤ ᠳᠤᠷᠠᠲᠠᠢ᠂ ᠳᠤᠮᠳᠠᠳᠤ ᠤᠯᠤᠰ ᠤᠨ ᠬᠥᠭᠵᠢᠯᠲᠡ ᠶᠢ ᠳᠠᠷᠤᠯᠲᠠ ᠦᠵᠡᠭᠦᠯᠵᠦ ᠬᠤᠷᠢᠭᠯᠠᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠲᠠᠢ ᠬᠠᠷᠢᠯᠴᠠᠭ᠎ᠠ ᠪᠠᠨ ᠲᠠᠰᠤᠯᠬᠤ ᠶᠢ ᠡᠷᠢᠯᠬᠢᠯᠡᠬᠦ ᠦᠭᠡᠢ᠃ ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ ᠬᠤᠶᠠᠷ ᠲᠠᠯ᠎ᠠ ᠶᠢᠨ ᠡᠯ᠎ᠡ ᠰᠠᠯᠠᠭ᠎ᠠ ᠮᠥᠴᠢᠷ ᠡᠯ᠎ᠡ ᠲᠡᠰ ᠳᠠᠪᠬᠤᠷᠭ᠎ᠠ ᠶᠢᠨ ᠶᠠᠷᠢᠯᠴᠠᠭ᠎ᠠ ᠥᠷᠨᠢᠭᠦᠯᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠯᠤᠭ᠎ᠠ ᠨᠡᠭᠡᠭᠡᠯᠲᠡᠲᠤ ᠦᠨᠡᠨᠴᠢ ᠣᠯᠣᠯᠴᠠᠭ᠎ᠠ ᠪᠠᠨ ᠳᠤᠷᠠᠲᠠᠶ᠎ᠠ ᠦᠷᠭᠦᠯᠵᠢᠯᠡᠨ ᠪᠠᠲᠤᠯᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠠᠳᠡᠭᠦᠷᠡᠯ ᠠᠴᠠ ᠵᠠᠶᠢᠯᠠᠰᠬᠢᠵᠦ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠨ᠎ᠡ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠪᠠᠨ ᠦᠷᠭᠦᠯᠵᠢᠯᠡᠨ ᠬᠥᠭᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ᠂ ᠬᠤᠣᠷ ᠴᠠᠭᠠᠵᠠᠯᠠᠬᠤ᠂ ᠵᠣᠬᠢᠶᠠᠮᠠᠯ ᠤᠶᠤᠨ ᠵᠡᠷᠭᠡ ᠴᠢᠬᠤᠯᠠ ᠬᠦᠷᠢᠶᠡᠨ ᠳᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠰᠢᠭᠤᠳ ᠬᠦᠷᠬᠦ ᠡᠭᠡᠯᠵᠢ ᠶᠢᠨ ᠨᠢᠰᠬᠡᠯ ᠢᠶᠠᠨ ᠨᠡᠮᠡᠭᠳᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭ᠎ᠠ ᠪᠣᠯᠣᠨ ᠬᠥᠮᠥᠰ ᠤᠨ ᠶᠠᠪᠤᠯᠴᠠᠭ᠎ᠠ ᠪᠠᠨ ᠥᠷᠭᠡᠳᠬᠡᠬᠦ ᠶᠢ ᠣᠯᠵᠤ ᠬᠠᠷᠠᠬᠤ ᠳᠤᠷᠠᠲᠠᠢ ᠭᠡᠵᠦ ᠢᠯᠡᠳᠬᠡᠪᠡ᠃     ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠪᠠᠯᠢ ᠠᠷᠠᠯ ᠤᠨ ᠠᠭᠤᠯᠵᠠᠯᠲᠠ ᠬᠢᠭᠰᠡᠨ ᠠᠴᠠ ᠨᠠᠭᠠᠰᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠢᠯᠤᠭᠤᠳᠬᠤ ᠵᠠᠷᠴᠢᠮ ᠢ ᠶᠠᠷᠢᠯᠴᠠᠨ ᠲᠣᠭᠲᠠᠭᠠᠭᠰᠠᠨ ᠴᠢᠷᠮᠠᠶᠢᠯᠭ᠎ᠠ ᠶᠢ ᠮᠡᠳᠡᠷᠡᠵᠦ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠣᠯᠣᠯᠴᠠᠭ᠎ᠠ ᠪᠠᠨ ᠪᠠᠲᠤᠯᠠᠵᠤ᠂ ᠮᠥᠷᠭᠦᠯᠳᠦᠭᠡᠨ ᠢ ᠰᠡᠷᠭᠡᠶᠢᠯᠡᠵᠦ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾᠎ ᠢ ᠬᠢᠴᠢᠶᠡᠩᠭᠦ᠋ᠢᠯᠡᠨ ᠵᠢᠷᠤᠮᠯᠠᠵᠤ᠂ ᠬᠠᠮᠲᠤ ᠶᠢᠨ ᠠᠰᠢᠭ ᠲᠤᠰᠠ ᠪᠦᠬᠦᠢ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠲᠠᠯ᠎ᠠ ᠶᠢᠨ ᠬᠠᠷᠢᠯᠴᠠᠭ᠎ᠠ ᠳᠠᠬᠢ ᠥᠷᠢᠰᠦᠯᠳᠦᠭᠡᠨ ᠤ ᠡᠯᠧᠮᠧᠨ᠋ᠲ ᠢ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠨ᠎ᠡ ᠭᠡᠵᠦ ᠴᠢᠬᠤᠯᠠᠴᠢᠯᠠᠪᠠ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠦᠷᠭᠦᠯᠵᠢᠯᠡᠨ ᠡᠭᠦᠨ ᠤ ᠲᠤᠬᠠᠢ ᠶᠠᠷᠢᠯᠴᠠᠬᠤ ᠶᠢ ᠪᠠᠶᠠᠷᠯᠠᠨ ᠤᠭᠲᠤᠪᠠ᠃     ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠡᠯ᠎ᠡ ᠬᠦᠷᠢᠶᠡᠨ ᠳᠠᠬᠢ ᠶᠠᠷᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠪᠠ ᠴᠢᠩᠭᠠᠳᠬᠠᠬᠤ ᠶᠢ ᠵᠥᠪᠰᠢᠶᠡᠷᠡᠪᠡ᠂ ᠡᠭᠦᠨ ᠳᠤ᠄ ᠵᠣᠬᠢᠶᠠᠮᠠᠯ ᠤᠶᠤᠨ ᠤ ᠵᠠᠰᠠᠭ ᠤᠨ ᠣᠷᠳᠣᠨ ᠤ ᠬᠤᠭᠤᠷᠣᠨᠳᠣᠭᠢ ᠶᠠᠷᠢᠯᠴᠠᠭ᠎ᠠ ᠶᠢ ᠪᠠᠶᠢᠭᠤᠯᠤᠨ᠎ᠠ︔ ᠳᠤᠮᠳᠠᠳᠤ ᠠᠮᠧᠷᠢᠺᠠ ᠶᠢᠨ ᠬᠤᠣᠷ ᠴᠠᠭᠠᠵᠠᠯᠠᠬᠤ ᠬᠠᠮᠲᠤᠷᠠᠯᠴᠠᠭᠠᠨ ᠤ ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠬᠤᠣᠷ ᠴᠠᠭᠠᠵᠠᠯᠠᠬᠤ ᠬᠠᠮᠲᠤᠷᠠᠯᠴᠠᠭ᠎ᠠ ᠶᠢ ᠥᠷᠨᠢᠭᠦᠯᠦᠨ᠎ᠡ︔ ᠡᠷᠬᠡ ᠲᠡᠭᠰᠢ ᠪᠠ ᠬᠦᠨᠳᠦᠳᠬᠡᠯ ᠤᠨ ᠰᠠᠭᠤᠷᠢᠨ ᠳᠡᠭᠡᠷ᠎ᠡ ᠬᠤᠶᠠᠷ ᠤᠯᠤᠰ ᠤᠨ ᠴᠡᠷᠢᠭ ᠤᠨ ᠳᠡᠭᠡᠳᠦ ᠳᠠᠪᠬᠤᠷᠭ᠎ᠠ ᠶᠢᠨ ᠨᠡᠪᠲᠡᠷᠡᠯᠴᠡᠭᠡ᠂ ᠳᠤᠮᠳᠠᠳᠤ ᠠᠮᠧᠷᠢᠺᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠠᠵᠢᠯ ᠤᠨ ᠠᠭᠤᠯᠵᠠᠯᠲᠠ᠂ ᠳᠤᠮᠳᠠᠳᠤ ᠠᠮᠧᠷᠢᠺᠠ ᠶᠢᠨ ᠲᠠᠯᠠᠢ ᠳᠡᠭᠡᠷᠡᠬᠢ ᠴᠡᠷᠢᠭ ᠤᠨ ᠶᠠᠪᠤᠳᠠᠯ ᠤᠨ ᠠᠮᠤᠷ ᠲᠦᠪᠰᠢᠨ ᠤ ᠵᠥᠪᠳᠡᠯᠴᠡᠭᠡ ᠶᠢᠨ ᠲᠣᠭᠲᠠᠴᠠ ᠶᠢᠨ ᠬᠤᠷᠠᠯ ᠢ ᠰᠡᠷᠭᠦᠭᠡᠵᠦ᠂ ᠳᠤᠮᠳᠠᠳᠤ ᠠᠮᠧᠷᠢᠺᠠ ᠬᠤᠶᠠᠷ ᠤᠯᠤᠰ ᠤᠨ ᠴᠡᠷᠢᠭ ᠠᠩᠭᠢ ᠶᠢᠨ ᠪᠠᠶᠢᠯᠳᠤᠭᠠᠨ ᠤ ᠲᠣᠭᠤᠷᠢᠭ ᠤᠨ ᠤᠳᠤᠷᠢᠳᠤᠯᠭ᠎ᠠ ᠶᠢᠨ ᠶᠠᠷᠢᠯᠴᠠᠭ᠎ᠠ ᠥᠷᠨᠢᠭᠦᠯᠦᠨ᠎ᠡ︔ ᠢᠷᠡᠬᠦ ᠵᠢᠯ ᠤᠨ ᠡᠬᠢᠨ ᠢᠶᠠᠷ ᠵᠢᠰᠢᠶᠠᠨ ᠤ ᠨᠢᠰᠬᠡᠯ ᠢ ᠴᠢᠨᠠᠭᠰᠢᠳᠠ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠢ ᠵᠥᠪᠰᠢᠶᠡᠷᠡᠨ᠎ᠡ︔ ᠰᠤᠷᠭᠠᠨ ᠬᠥᠮᠦᠵᠢᠯ᠂ ᠭᠠᠳᠠᠭᠠᠳᠤ ᠳᠤ ᠰᠤᠷᠤᠯᠴᠠᠬᠤ ᠰᠤᠷᠤᠬᠴᠢ᠂ ᠵᠠᠯᠠᠭᠤᠴᠤᠳ᠂ ᠰᠣᠶᠣᠯ ᠪᠣᠯᠪᠠᠰᠤᠷᠠᠯ᠂ ᠪᠡᠶ᠎ᠡ ᠶᠢᠨ ᠲᠠᠮᠢᠷ ᠪᠠ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠰᠣᠯᠢᠯᠴᠠᠭ᠎ᠠ ᠶᠢ ᠥᠷᠭᠡᠳᠬᠡᠬᠦ ᠵᠡᠷᠭᠡ ᠶᠢ ᠪᠠᠭᠲᠠᠭᠠᠪᠠ᠃     ᠬᠤᠶᠠᠷ ᠤᠯᠤᠰ ᠤᠨ ᠲᠡᠷᠢᠭᠦᠨ ᠣᠳᠣᠬᠠᠨ ᠤ ᠵᠠᠩᠭᠢᠯᠠᠭ᠎ᠠ ᠶᠢᠨ ᠠᠷᠪᠠᠨ ᠵᠢᠯ ᠳᠤ ᠳᠤᠮᠳᠠᠳᠤ ᠠᠮᠧᠷᠢᠺᠠ ᠠᠭᠤᠷ ᠠᠮᠢᠰᠬᠤᠯ ᠤᠨ ᠬᠢᠮᠤᠷᠠᠯ ᠢ ᠠᠷᠭᠠᠴᠠᠭᠠᠬᠤ ᠶᠢ ᠲᠦᠷᠭᠡᠳᠬᠡᠬᠦ ᠪᠠᠷ ᠴᠢᠷᠮᠠᠶᠢᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠬᠤᠶᠠᠷ ᠤᠯᠤᠰ ᠤᠨ ᠠᠭᠤᠷ ᠠᠮᠢᠰᠬᠤᠯ ᠤᠨ ᠣᠨᠴᠠ ᠡᠯᠴᠢ ᠶᠢᠨ ᠣᠶᠢᠷ᠎ᠠ ᠶᠢᠨ ᠬᠤᠭᠤᠴᠠᠭᠠᠨ ᠳᠤ ᠥᠷᠨᠢᠭᠦᠯᠦᠭᠰᠡᠨ ᠢᠳᠡᠪᠬᠢᠲᠡᠢ ᠶᠠᠷᠢᠯᠴᠠᠭ᠎ᠠ ᠶᠢ ᠪᠠᠶᠠᠷᠯᠠᠨ ᠤᠭᠲᠤᠪᠠ᠂ ᠡᠭᠦᠨ ᠳᠤ᠄ 2020 ᠣᠨ ᠤ ᠦᠶ᠎ᠡ ᠶᠢᠨ ᠤᠯᠤᠰ ᠤᠨ ᠳᠣᠲᠣᠭᠠᠳᠤ ᠶᠢᠨ ᠪᠣᠬᠢᠷᠳᠤᠯ ᠢ ᠪᠠᠭᠠᠰᠬᠠᠬᠤ ᠠᠵᠢᠯᠯᠠᠭ᠎ᠠ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠳ᠋ᠦᠪᠠᠢ ᠶᠢᠨ ᠶᠡᠭᠡ ᠬᠤᠷᠠᠯ ︵COP 28︶᠎ ᠤᠨ ᠠᠮᠵᠢᠯᠲᠠ ᠣᠯᠬᠤ ᠶᠢ ᠬᠠᠮᠲᠤ ᠪᠠᠷ ᠠᠬᠢᠭᠤᠯᠵᠤ᠂ ᠳᠤᠮᠳᠠᠳᠤ ᠠᠮᠧᠷᠢᠺᠠ ᠶᠢᠨ ︽21 ᠳ᠋ᠦ᠋ᠭᠡᠷ ᠵᠠᠭᠤᠨ ᠤ ᠬᠤᠷᠢᠭᠠᠳ ᠣᠨ ᠤ ᠠᠭᠤᠷ ᠠᠮᠢᠰᠬᠤᠯ ᠤᠨ ᠠᠵᠢᠯᠯᠠᠭ᠎ᠠ ᠶᠢ ᠴᠢᠩᠭᠠᠳᠬᠠᠬᠤ ᠠᠵᠢᠯ ᠤᠨ ᠳᠤᠭᠤᠶᠢᠯᠠᠩ︾᠎ ᠢ ᠡᠬᠢᠯᠡᠭᠦᠯᠬᠦ ᠪᠠᠷ ᠠᠭᠤᠷ ᠠᠮᠢᠰᠬᠤᠯ ᠤᠨ ᠪᠣᠳᠠᠲᠠᠢ ᠠᠵᠢᠯᠯᠠᠭ᠎ᠠ ᠶᠢ ᠲᠦᠷᠭᠡᠳᠬᠡᠬᠦ ᠵᠡᠷᠭᠡ ᠶᠢ ᠪᠠᠭᠲᠠᠭᠠᠪᠠ᠃ᠬᠡᠯᠡᠯᠴᠡᠭᠡ ᠶᠢᠨ ᠲᠠᠷᠠᠭ᠎ᠠ᠂ ᠪᠠᠶᠢᠳᠧᠨ ᠰᠢ ᠶᠢᠨ ᠫᠢᠩ ᠢ ᠤᠭᠲᠤᠬᠤ ᠦᠳᠡ ᠶᠢᠨ ᠳᠠᠶᠢᠯᠠᠯᠭ᠎ᠠ ᠬᠢᠪᠡ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠠᠩᠬᠠᠷᠴᠤ ᠪᠠᠶᠢᠭ᠎ᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃     ᠪᠠᠶᠢᠳᠧᠨ ᠪᠠᠰᠠ ᠰᠢ ᠶᠢᠨ ᠫᠢᠩ ᠢ ᠤᠷᠢᠵᠤ ᠹᠸᠢᠢᠯᠤᠷᠢ ᠡᠳ᠋ᠯᠡᠩ ᠳᠤ ᠰᠡᠯᠡᠭᠦᠴᠡᠨ ᠠᠯᠬᠤᠭᠰᠠᠨ ᠪᠥᠭᠡᠳ ᠲᠡᠷᠭᠡᠨ ᠳᠤ ᠭᠠᠷᠬᠤ ᠭᠠᠵᠠᠷ ᠲᠤ ᠰᠢ ᠶᠢᠨ ᠫᠢᠩ ᠢ ᠪᠡᠶ᠎ᠡ ᠪᠠᠷ ᠢᠶᠠᠨ ᠬᠦᠷᠭᠡᠵᠦ ᠰᠠᠯᠬᠤ ᠶᠣᠰᠣ ᠭᠦᠢᠴᠡᠳᠬᠡᠪᠡ᠃ᠡᠨᠡ ᠤᠳᠠᠭᠠᠨ ᠤ ᠠᠭᠤᠯᠵᠠᠯᠲᠠ ᠨᠢ ᠢᠳᠡᠪᠬᠢᠲᠡᠢ᠂ ᠪᠦᠭᠦ ᠲᠠᠯ᠎ᠠ ᠶᠢᠨ᠂ ᠪᠦᠲᠦᠭᠡᠯᠴᠢ ᠴᠢᠨᠠᠷᠲᠠᠢ ᠪᠠᠶᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠠᠶᠢᠵᠢᠷᠠᠭᠤᠯᠤᠨ ᠬᠥᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃ ᠰᠠᠨ ᠹᠷᠠᠨᠰᠢᠰᠺᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠭᠤᠨ ᠪᠠᠶᠢᠯᠭᠠᠬᠤ ᠰᠢᠨ᠎ᠡ ᠡᠭᠢᠯᠡᠯᠲᠡ ᠪᠤᠯᠬᠤ ᠶᠣᠰᠣᠲᠠᠢ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠢ ᠪᠠᠯᠢ ᠠᠷᠠᠯ ᠤᠨ ᠠᠭᠤᠯᠵᠠᠯᠲᠠ ᠶᠢᠨ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠤᠰ ᠤᠳᠠᠭ᠎ᠠ ᠶᠢᠨ ᠠᠭᠤᠯᠵᠠᠯᠲᠠ ᠳᠤ ᠲᠣᠬᠢᠷᠠᠯᠴᠠᠭᠰᠠᠨ ᠰᠢᠨ᠎ᠡ ᠠᠯᠤᠰ ᠤᠨ ᠲᠥᠯᠥᠪ ᠢ ᠴᠠᠭ ᠲᠤᠬᠠᠢ ᠳᠤᠨᠢ ᠳᠠᠭᠠᠵᠤ ᠨᠠᠶᠢᠳᠠᠪᠤᠷᠢᠵᠢᠭᠤᠯᠬᠤ ᠶᠢ ᠳᠠᠭᠠᠭᠠᠯᠭᠠᠪᠠ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ᠃     ᠼᠠᠢ ᠴᠢ᠂ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号