ᠵᠢᠦ ᠶᠤᠸᠠᠨ ᠬᠠᠤᠯᠢ ᠬᠡᠷᠡᠭᠵᠢᠭᠦᠯᠬᠦ ᠲᠣᠪᠴᠢᠶ᠎ᠠ ᠥᠷᠯᠥᠭᠡ ᠶᠢᠨ ᠬᠤᠭᠤᠯᠠᠨ ᠤ ᠲᠡᠷᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠤᠲᠠ ᠶᠢᠨ ᠠᠷᠠᠳ ᠤᠨ ᠢᠳᠡᠭᠡᠨ ᠤ ᠠᠮᠤᠷ ᠲᠥᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2023/11/2
C:\Users\Administrator\Desktop\新闻照片\图片1.jpg
    ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠶ᠂ ᠠᠮᠤ ᠪᠤᠳᠠᠭ᠎ᠠ ᠪᠣᠯᠪᠠᠰᠤ ᠠᠮᠤᠷ ᠲᠦᠪᠰᠢᠨ ᠢ ᠲᠡᠷᠢᠭᠦᠨ ᠳᠤ ᠲᠠᠯᠪᠢᠮᠤᠶ᠃ ᠢᠳᠡᠭᠡᠨ ᠤ ᠠᠮᠤᠷ ᠲᠦᠪᠰᠢᠨ ᠨᠢ ᠠᠷᠠᠳ ᠢᠷᠭᠡᠳ ᠤᠨ ᠠᠮᠢᠳᠤᠷᠠᠯ ᠳᠤ ᠲᠦᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠳᠠᠭ᠂ ᠭᠡᠲᠡᠯ᠎ᠡ ᠠᠮᠢᠳᠤᠷᠠᠯ ᠤᠨ ᠠᠶᠢᠵᠠᠮ ᠤᠨ ᠲᠦᠷᠭᠡᠳᠬᠦ ᠶᠢ ᠳᠠᠭᠠᠯᠳᠤᠨ᠂ ᠴᠥᠭᠡᠨ ᠪᠤᠰᠤ ᠬᠤᠲᠠ ᠶᠢᠨ ᠠᠷᠠᠳ ᠥᠷᠯᠥᠭᠡ ᠶᠢᠨ ᠬᠤᠭᠤᠯᠠ ᠪᠠᠨ ᠪᠡᠯᠡᠳᠬᠡᠵᠦ ᠠᠮᠵᠢᠬᠤ ᠥᠬᠡᠶ ᠪᠣᠯᠵᠣ᠂ ᠣᠶᠢᠷ᠎ᠠ ᠬᠠᠪᠢ ᠶᠢᠨ ᠠᠷᠠᠳ ᠲᠤ ᠲᠥᠬᠦᠮ ᠦᠵᠡᠭᠦᠯᠬᠦ ᠥᠷᠯᠥᠭᠡ ᠶᠢᠨ ᠬᠤᠭᠤᠯᠠᠨ ᠤ ᠲᠡᠷᠭᠡ ᠠᠴᠠ ᠥᠷᠯᠥᠭᠡ ᠶᠢᠨ ᠬᠤᠭᠤᠯᠠ ᠬᠤᠳᠠᠯᠳᠤᠨ ᠠᠪᠲᠠᠭ᠃ ᠭᠡᠪᠡᠴᠦ ᠴᠠᠭ ᠠᠭᠤᠷ ᠤᠨ ᠬᠤᠪᠢᠷᠠᠯᠲᠠ ᠶᠢ ᠳᠠᠭᠠᠯᠳᠤᠨ᠂ ᠥᠷᠯᠥᠭᠡ ᠶᠢᠨ ᠬᠤᠭᠤᠯᠠᠨ ᠤ ᠲᠡᠷᠭᠡᠨ ᠤ ᠢᠳᠡᠭᠡᠨ ᠤ ᠠᠮᠤᠷ ᠲᠦᠪᠰᠢᠨ ᠪᠠ ᠬᠡᠶ ᠬᠡᠷᠡᠭᠯᠡᠬᠦ ᠠᠮᠤᠷ ᠲᠦᠪᠰᠢᠨ ᠤ ᠪᠠᠶᠢᠳᠠᠯ ᠨᠢ ᠨᠠᠩ ᠴᠢᠬᠤᠯᠠ ᠪᠣᠯᠵᠣ ᠪᠠᠶᠢᠨ᠎ᠠ᠃ ᠠᠮᠤᠷ ᠲᠦᠪᠰᠢᠨ᠂ ᠴᠡᠪᠡᠷ ᠲᠡᠭᠰᠢ᠂ ᠡᠮᠬᠢ ᠳᠢᠭᠯᠢᠮ ᠲᠠᠢ ᠬᠤᠲᠠ ᠶᠢᠨ ᠳᠦᠷᠢ ᠲᠥᠷᠬᠦ ᠶᠢ ᠪᠣᠶ ᠪᠣᠯᠭᠠᠬᠤ ᠶᠢᠨ ᠲᠥᠯᠥᠭᠡ᠂ ᠵᠢᠦ ᠶᠤᠸᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠥᠷᠯᠥᠭᠡ ᠶᠢᠨ ᠬᠤᠭᠤᠯᠠᠨ ᠤ ᠲᠡᠷᠭᠡᠨ ᠤ ᠳᠡᠯᠭᠡᠴᠡ ᠳᠤ ᠠᠮᠤᠷ ᠲᠦᠪᠰᠢᠨ ᠤ ᠤᠬᠠᠭᠤᠯᠭ᠎ᠠ ᠪᠠᠶᠢᠴᠠᠭᠠᠯᠲᠠ ᠬᠢᠵᠦ᠂ ᠣᠯᠠᠨ ᠲᠦᠮᠡᠨ ᠳᠤ ᠥᠷᠯᠥᠭᠡ ᠶᠢᠨ ᠬᠤᠭᠤᠯᠠ ᠶᠢ ᠠᠮᠤᠷ ᠲᠦᠪᠰᠢᠨ ᠢᠶᠠᠷ ᠢᠳᠡᠭᠦᠯᠦᠨ᠎ᠡ᠃
C:\Users\Administrator\Desktop\新闻照片\图片2.jpg
    ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠥᠷᠯᠥᠭᠡ ᠶᠢᠨ ᠬᠤᠭᠤᠯᠠᠨ ᠤ ᠲᠡᠷᠭᠡᠨ ᠳᠤ ᠰᠣᠬᠤᠷ ᠬᠥᠮᠦᠨ ᠤ ᠵᠠᠮ ᠢ ᠡᠵᠡᠯᠡᠨ ᠬᠡᠷᠡᠭᠯᠡᠬᠦ᠂ ᠵᠠᠮ ᠡᠵᠡᠯᠡᠨ ᠡᠵᠡᠩᠨᠡᠬᠦ᠂ ᠴᠠᠭ ᠠᠴᠠ ᠬᠡᠲᠦᠷᠡᠭᠦᠯᠦᠨ ᠡᠵᠡᠩᠨᠡᠬᠦ᠂ ᠵᠠᠮ ᠤᠨ ᠪᠣᠬᠢᠷᠲᠤᠯ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠠᠶᠢᠬᠤ ᠶᠢ ᠣᠯᠵᠤ ᠮᠡᠳᠡᠭᠡᠳ᠂ ᠵᠠᠮ ᠬᠠᠷᠢᠯᠴᠠᠭ᠎ᠠ ᠳᠤ ᠠᠮᠤᠷ ᠲᠦᠪᠰᠢᠨ ᠤ ᠳᠠᠯᠳᠠ ᠬᠡᠮ ᠤᠴᠠᠷᠠᠭᠤᠯᠬᠤ ᠶᠢᠨ ᠬᠠᠮᠲᠤ ᠬᠤᠲᠠ ᠶᠢᠨ ᠳᠦᠷᠰᠦ ᠪᠠᠶᠢᠳᠠᠯ ᠢ ᠴᠤ ᠡᠪᠳᠡᠭᠰᠡᠨ ᠪᠠᠶᠢᠨ᠎ᠠ᠃ ᠡᠳᠡᠭᠡᠷ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠬᠤ ᠶᠢᠨ ᠲᠥᠯᠥᠭᠡ᠂ ᠬᠠᠤᠯᠢ ᠬᠡᠷᠡᠭᠵᠢᠭᠦᠯᠦᠭᠴᠢ ᠠᠴᠠ ᠳᠡᠯᠭᠡᠭᠦᠷ ᠤᠨ ᠡᠵᠡᠨ ᠢ ᠢᠳᠬᠠᠬᠤ ᠶᠢᠨ ᠬᠠᠮᠲᠤ ᠲᠡᠳᠡᠨ ᠢ ᠳᠠᠷᠤᠶ ᠲᠦᠷᠭᠡᠨ ᠴᠡᠭᠴᠡᠯᠡᠨ ᠥᠭᠡᠷᠡᠴᠢᠯᠡᠵᠦ᠂ ᠤᠤᠯ ᠤᠨ ᠪᠠᠶᠢᠳᠠᠯ ᠢ ᠨᠢ ᠰᠡᠷᠭᠦᠭᠡᠬᠦ ᠶᠢ ᠱᠠᠭᠠᠷᠳᠠᠵᠠᠶ᠃ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ ᠳᠡᠯᠭᠡᠭᠦᠷᠴᠢᠳ ᠬᠠᠷᠢᠭᠤᠴᠠᠯᠭᠠᠲᠤ ᠤᠬᠠᠮᠰᠠᠷ ᠢ ᠠᠭᠠᠵᠢᠮ ᠢᠶᠠᠷ ᠪᠤᠶ ᠪᠣᠯᠭᠠᠵᠤ᠂ ᠪᠣᠯᠪᠠᠰᠤᠨ ᠬᠤᠲᠠ ᠶᠢᠨ ᠦᠵᠡᠮᠵᠢ ᠶᠢ ᠪᠤᠶ ᠪᠣᠯᠭᠠᠬᠤ ᠳᠤ ᠬᠤᠪᠢ ᠨᠡᠮᠡᠷᠢ ᠪᠠᠨ ᠦᠵᠡᠭᠦᠯᠵᠡᠶ᠃ ᠡᠭᠦᠨ ᠠᠴᠠ ᠭᠠᠳᠠᠨ᠎ᠠ᠂ ᠨᠠᠰᠤᠲᠠᠶᠢᠴᠤᠳ ᠤᠨ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠬᠠᠷᠢᠴᠠᠩᠭᠤᠶ ᠪᠠᠭᠤᠷᠠᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠨ ᠳᠠᠬᠢ ᠭᠡᠷ ᠬᠤᠷᠢᠶᠠᠯᠠᠯ ᠤᠨ ᠢᠶᠠᠨ ᠡᠷᠬᠢᠨ ᠲᠣᠭᠤᠷᠢᠨ ᠳᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠵᠠᠷ ᠨᠠᠭᠠᠵᠤ᠂ ᠨᠠᠰᠤᠲᠠᠶᠢᠴᠤᠳ ᠲᠤ ᠢᠳᠡᠭᠡᠨ ᠤ ᠠᠮᠤᠷ ᠲᠦᠪᠰᠢᠨ ᠢ ᠴᠢᠬᠤᠯᠠᠴᠢᠯᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠶᠢ ᠰᠠᠨᠠᠭᠤᠯᠪᠠ᠃ ᠡᠭᠦᠨ ᠤ ᠵᠡᠷᠭᠡ ᠳᠤ᠂ ᠵᠢᠦ ᠶᠤᠸᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠᠰᠠ ᠥᠷᠭᠡᠨ ᠣᠯᠠᠨ ᠬᠤᠲᠠ ᠶᠢᠨ ᠠᠷᠠᠳ ᠢ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠷᠢᠭᠤᠨ ᠴᠡᠪᠡᠷ ᠥᠷᠯᠥᠭᠡ ᠶᠢᠨ ᠬᠤᠭᠤᠯᠠᠨ ᠤ ᠲᠡᠷᠭᠡ ᠶᠢ ᠰᠣᠩᠭᠤᠵᠤ ᠥᠷᠯᠥᠭᠡ ᠶᠢᠨ ᠬᠤᠭᠤᠯᠠ ᠬᠤᠳᠠᠯᠳᠤᠨ ᠠᠪᠴᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾ ᠬᠡᠷᠡᠭᠲᠡᠶ ᠭᠡᠵᠦ ᠤᠷᠢᠶᠠᠯᠠᠵᠠᠶ᠃ ᠥᠷᠯᠥᠭᠡ ᠶᠢᠨ ᠬᠤᠭᠤᠯᠠᠨ ᠤ ᠲᠡᠷᠭᠡ ᠶᠢᠨ ᠠᠮᠤᠷ ᠲᠦᠪᠰᠢᠨ ᠤ ᠤᠬᠠᠭᠤᠯᠭ᠎ᠠ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠲᠣᠪᠴᠢᠶ᠎ᠠ ᠬᠤᠲᠠ ᠶᠢᠨ ᠠᠷᠠᠳ ᠤᠨ ᠢᠳᠡᠭᠡᠨ ᠤ ᠠᠮᠤᠷ ᠲᠦᠪᠰᠢᠨ ᠢ ᠪᠠᠲᠤᠯᠠᠭᠰᠠᠨ ᠢᠶᠠᠷ ᠪᠠᠷᠠᠬᠤ ᠥᠬᠡᠶ ᠪᠠᠰᠠ ᠬᠤᠲᠠ ᠶᠢᠨ ᠪᠣᠯᠪᠠᠰᠤᠨ ᠳᠦᠷᠢ ᠲᠥᠷᠬᠦ ᠶᠢᠨ ᠳᠡᠭᠡᠭᠰᠢᠯᠡᠯᠲᠡ ᠶᠢ ᠠᠬᠢᠭᠤᠯᠤᠭᠰᠠᠨ ᠪᠠᠶᠢᠨ᠎ᠠ᠃
C:\Users\Administrator\Desktop\新闻照片\图片3.jpg
    ᠲᠠᠷᠠᠭᠠᠴᠢ ᠶᠢᠨ ᠠᠯᠬᠤᠮ ᠳᠤ᠂ ᠵᠢᠦ ᠶᠤᠸᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠯᠥᠭᠡ ᠶᠢᠨ ᠬᠤᠭᠤᠯᠠᠨ ᠤ ᠲᠡᠷᠭᠡᠨ ᠤ ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠨ᠂ ᠬᠤᠲᠠ ᠶᠢᠨ ᠠᠷᠠᠳ ᠤᠨ ᠥᠷᠯᠥᠭᠡ ᠶᠢᠨ ᠬᠤᠭᠤᠯᠠᠨ ᠤ ᠴᠠᠭ ᠮᠥᠴᠡ ᠶᠢ ᠰᠠᠨᠠᠭ᠎ᠠ ᠠᠮᠤᠷ ᠡᠳ᠋ᠯᠡᠬᠦ ᠶᠢ ᠦᠨᠡᠨ ᠬᠦ ᠪᠠᠲᠤᠯᠠᠨ᠎ᠠ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号