ᠦᠰᠦᠭ ᠪᠢᠴᠢᠭ ᠢᠶᠠᠷ ᠦᠭᠦᠯᠡᠬᠦᠢ᠄ ︽ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2023 — 2027 ᠣᠨ︶᠎ ᠢ ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/20
    ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ     ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠪᠥᠬᠦ ᠤᠯᠤᠰ ᠤᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2023 — 2030 ᠣᠨ︶︾᠎ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠬᠥᠭᠵᠢᠯᠲᠡ ᠶᠢᠨ ᠳᠠᠪᠠᠭᠤᠯᠢᠭ ᠪᠠ ᠡᠬᠢ ᠪᠠᠶᠠᠯᠢᠭ ᠤᠨ ᠥᠪᠡᠷᠮᠢᠴᠡ ᠣᠨᠴᠠᠯᠢᠭ ᠲᠤ ᠰᠠᠭᠤᠷᠢᠯᠠᠨ᠂ ᠲᠥᠷᠥᠯ ᠵᠦᠢᠯ ᠤᠨ ᠡᠳᠦᠷ ᠲᠤᠲᠤᠮ ᠤᠨ ᠨᠥᠭᠡᠴᠡᠯᠡᠯᠲᠡ ᠶᠢᠨ ᠵᠢᠯᠣᠭᠤᠳᠣᠯᠭ᠎ᠠ ᠪᠠ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ ᠲᠥᠷᠥᠯ ᠵᠦᠢᠯ ᠢ ᠲᠡᠮᠡᠴᠡᠨ ᠤᠯᠬᠤ ᠪᠠ ᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠬᠤ ᠬᠡᠷᠡᠭᠵᠢᠭᠦᠯᠬᠦ ᠲᠥᠰᠦᠯ ᠢ ᠪᠠᠴᠢᠮ ᠱᠠᠭᠠᠷᠳᠠᠵᠤ ᠪᠠᠶᠢᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠰᠠᠨᠠᠯ ᠢ ᠣᠯᠠᠨ ᠤᠳᠠᠭ᠎ᠠ ᠬᠤᠷᠢᠶᠠᠭᠰᠠᠨ ᠤ ᠳᠠᠷᠠᠭ᠎ᠠ ︽ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2021 — 2027︶︾᠎ ᠢ ᠲᠤᠭᠤᠷᠪᠢᠵᠤ ᠪᠣᠶ ᠪᠣᠯᠭᠠᠭᠰᠠᠨ ᠪᠥᠭᠡᠳ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠪᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠢᠴᠢ 9 ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠠᠨᠠᠯ ᠬᠤᠷᠢᠶᠠᠪᠠ᠃ 10 ᠵᠤᠷᠪᠤᠰ ᠬᠠᠷᠢᠭᠤ ᠲᠤᠰᠬᠠᠭᠰᠠᠨ ᠰᠠᠨᠠᠯ ᠢ ᠲᠤᠰᠴᠤ᠂ ᠪᠦᠬᠦᠨ ᠢ ᠬᠦᠯᠢᠶᠡᠨ ᠠᠪᠤᠪᠠ᠃ 7 ᠳ᠋ᠤᠭᠠᠷ ᠰᠠᠷ᠎ᠠ ᠶᠢᠨ 5᠎ ᠤ ᠡᠳᠦᠷ᠂ ᠬᠤᠲᠠ ᠶᠢᠨ ᠳᠡᠳ᠋ ᠳᠠᠷᠤᠭ᠎ᠠ ᠯᠢᠦ ᠶᠦᠩ ᠰᠢᠶᠠᠩ ᠬᠤᠲᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ ᠬᠠᠮᠢᠶ᠎ᠠ ᠪᠥᠬᠦᠶ ᠰᠠᠯᠠᠭ᠎ᠠ ᠮᠥᠴᠢᠷ᠂ ᠭᠠᠵᠠᠷ ᠣᠷᠣᠨ ᠤ ᠰᠠᠨᠠᠯ ᠢ ᠤᠯᠠᠮ ᠨᠢᠭᠡ ᠠᠯᠬᠤᠮ ᠬᠤᠷᠢᠶᠠᠵᠤ᠂ ᠬᠤᠷᠠᠯ ᠤᠨ ᠱᠠᠭᠠᠷᠳᠠᠯᠭ᠎ᠠ ᠶᠣᠰᠣᠭᠠᠷ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠡᠬᠡ ᠪᠢᠴᠢᠭ ᠢ ᠪᠦᠷᠢᠯᠳᠦᠭᠦᠯᠪᠡ᠃     ᠬᠤᠶᠠᠷ᠂ ᠪᠣᠳᠠᠲᠤ ᠶᠠᠪᠤᠳᠠᠯ ᠤᠨ ᠦᠨᠳᠦᠰᠦᠯᠡᠯ ᠲᠣᠰ ᠲᠥᠰᠦᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶ ᠰᠡᠳᠭᠢᠮᠵᠢ᠂ ᠬᠥᠭᠵᠢᠯᠲᠡ ᠶᠢᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃     ᠭᠤᠷᠪᠠ᠂ ᠭᠤᠣᠯ ᠠᠭᠤᠯᠭ᠎ᠠ     ᠲᠥᠰᠥᠯ ᠢ ᠨᠡᠶᠢᠲᠡ ᠲᠠᠪᠤᠨ ᠬᠡᠰᠡᠭ ᠬᠤᠪᠢᠶᠠᠨ᠎ᠠ᠃     ᠨᠢᠭᠡ᠂ ︽ᠶᠡᠷᠦᠩᠬᠡᠢ ᠰᠡᠳᠭᠢᠮᠵᠢ︾᠎ ᠶᠢᠨ ᠬᠡᠰᠡᠭ᠃ ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠡᠳᠬᠢᠮᠵᠢ ᠶᠢ ᠲᠣᠳᠣᠷᠬᠠᠶᠢᠯᠠᠵᠤ᠂ ︽ᠠᠷᠪᠠ ᠵᠠᠭᠤ ᠮᠢᠩᠭ᠎ᠠ ᠲᠦᠮᠡᠨ︾ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠬᠤ ᠪᠠᠷ ᠳᠡᠮᠵᠢᠨ᠂ ᠳᠠᠷᠤᠶ᠂ 10 ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠬᠦᠴᠦᠷᠬᠡᠭ ᠪᠠᠯᠭᠠᠰᠤ ︵ᠤᠨᠴᠠᠯᠢᠬᠳᠤ ᠵᠢᠵᠢᠭ ᠪᠠᠯᠭᠠᠰᠤ︶᠂ 100 ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠤᠰᠬᠠᠶ ᠲᠣᠰᠬᠤᠨ᠂ 1000 ᠠᠯᠠᠰᠢᠨ ᠦᠬᠡᠷ ᠠᠯᠠᠰᠢᠨ ᠬᠤᠨᠢᠨ ᠤ ᠬᠡᠪᠴᠢᠶ᠎ᠡ ︵ᠠᠯᠠᠰᠢᠨ ᠦᠬᠡᠷ 200 ᠲᠣᠯᠣᠭᠠᠶ ᠠᠴᠠ ᠳᠡᠭᠡᠭᠰᠢ᠂ ᠠᠯᠠᠰᠢᠨ ᠬᠤᠨᠢ 500 ᠲᠣᠯᠣᠭᠠᠶ ᠠᠴᠠ ᠳᠡᠭᠡᠭᠰᠢ︶᠂ ᠠᠯᠠᠰᠢᠨ ᠦᠬᠡᠷ ᠠᠯᠠᠰᠢᠨ ᠬᠤᠨᠢ ᠶᠢ ᠵᠣᠬᠢᠬᠤ ᠬᠡᠮᠵᠢᠶ᠎ᠡ ᠪᠠᠷ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ 10000 ᠡᠷᠦᠬᠡ ︵ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠶᠢᠨ ᠰᠠᠭᠤᠷᠢ ᠡᠬᠡ ᠮᠠᠯ ᠢ 30 ᠲᠣᠯᠣᠭᠠᠶ ᠠᠴᠠ ᠳᠡᠭᠡᠭᠰᠢ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠡᠷᠦᠬᠡ ᠶᠢᠨ ᠰᠠᠭᠤᠷᠢ ᠡᠬᠡ ᠬᠤᠨᠢ ᠶᠢ 100 ᠲᠣᠯᠣᠭᠠᠶ ᠠᠴᠠ ᠳᠡᠭᠡᠭᠰᠢ︶᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠥᠪᠯᠡᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠦᠬᠡᠷ ᠬᠤᠨᠢᠨ ᠮᠢᠬᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ᠂ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ᠬᠤᠶᠠᠷ᠂ ︽ᠬᠦᠭᠵᠢᠯᠲᠡ ᠶᠢᠨ ᠬᠠᠷᠠᠯᠲᠠ︾᠎ ᠶᠢᠨ ᠬᠡᠰᠡᠭ᠃ ᠬᠥᠭᠵᠢᠯᠲᠡ ᠶᠢᠨ ᠶᠡᠷᠦᠩᠬᠡᠶ ᠬᠠᠷᠠᠯᠲᠠ ᠪᠠ ᠪᠣᠳᠠᠲᠠᠶ ᠬᠠᠷᠠᠯᠲᠠ ᠶᠢ ᠲᠣᠳᠣᠷᠬᠠᠶᠢᠯᠠᠵᠤ᠂ ︽ᠠᠷᠪᠠ ᠵᠠᠭᠤ ᠮᠢᠩᠭᠠᠨ ᠲᠦᠮᠡᠨ︾ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠢᠨᠵᠧᠨᠧᠷᠢᠩ ᠢᠶᠠᠷ ᠳᠠᠮᠵᠢᠭᠤᠯᠤᠨ 9 ᠵᠦᠢᠯ ᠤᠨ ᠪᠣᠳᠠᠲᠠᠶ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ 2027 ᠣᠨ ᠪᠣᠯᠬᠤ ᠳᠤ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢ 30 ᠳ᠋ᠦᠩᠰᠢᠭᠤᠷ ᠲᠥᠭᠦᠷᠢᠭ᠂ ᠠᠯᠠᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢ 100 ᠳ᠋ᠦᠩᠰᠢᠭᠤᠷ ᠲᠥᠭᠦᠷᠢᠭ ᠤᠨ ᠶᠡᠷᠦᠩᠬᠡᠶ ᠬᠠᠷᠠᠯᠲᠠ ᠶᠢ ᠪᠡᠶᠡᠯᠡᠭᠦᠯᠦᠨ᠎ᠡ᠃     ᠭᠤᠷᠪᠠ᠂ ︽ᠠᠵᠢᠯ ᠤᠨ ᠡᠭᠦᠷᠭᠡ︾᠎ ᠶᠢᠨ ᠬᠡᠰᠡᠭ᠃ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠨ ᠨᠡᠮᠡᠭᠳᠡᠯ ᠤᠨ ᠬᠡᠮᠵᠢᠶ᠎ᠡ ᠶᠢ ᠲᠦᠷᠭᠡᠳᠬᠡᠬᠦ᠂ ᠰᠠᠶᠢᠨ ᠡᠭᠦᠯᠳᠡᠷ ᠤᠨ ᠰᠢᠰᠲ᠋ᠧᠮ ᠤᠨ ᠪᠠᠶᠢᠭᠤᠯᠤᠯᠲᠠ ᠶᠢ ᠳᠡᠮᠵᠢᠬᠦ᠂ ᠲᠡᠵᠢᠭᠡᠯ ᠡᠪᠡᠰᠦ ᠪᠣᠷᠳᠤᠭ᠎ᠠ ᠬᠠᠩᠭᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ᠂ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ᠂ ᠠᠯᠠᠵᠤ ᠨᠢᠲᠤᠯᠵᠤ ᠡᠳ᠋ᠰᠢᠭᠦᠯᠬᠦ ᠭᠦᠢᠯᠭᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ᠂ ᠦᠬᠡᠷ ᠬᠤᠨᠢᠨ ᠤ ᠠᠵᠤ ᠦᠶᠢᠯᠡᠰᠵᠢᠯᠲᠡ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠬᠦ᠂ ︽ᠪᠤᠭᠤᠲᠤ ᠶᠢᠨ ᠨᠠᠷᠠᠲᠤ ᠲᠡᠮᠳᠡᠭᠲᠦ︾᠎ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ 9 ᠲᠠᠯ᠎ᠠ ᠶᠢᠨ ᠠᠵᠢᠯ ᠤᠨ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ᠂ ᠬᠠᠷᠢᠭᠤᠴᠠᠯᠭᠠᠲᠤ ᠭᠠᠵᠠᠷ ᠣᠷᠣᠨ ᠪᠠ ᠰᠠᠯᠠᠭ᠎ᠠ ᠮᠥᠴᠢᠷ ᠢ ᠲᠣᠳᠣᠷᠬᠠᠶᠢᠯᠠᠵᠤ᠂ 2027 ᠣᠨ ᠪᠣᠯᠬᠤ ᠳᠤ ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃     ᠳᠥᠷᠪᠡ᠂ ︽ᠪᠠᠲᠤᠯᠠᠭ᠎ᠠ ᠶᠢᠨ ᠠᠷᠭ᠎ᠠ ᠬᠡᠮᠵᠢᠶ᠎ᠡ︾᠎ ᠶᠢᠨ ᠬᠡᠰᠡᠭ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠬᠤ᠂ ᠣᠷᠣᠭᠤᠯᠤᠯᠲᠠ ᠶᠢᠨ ᠵᠣᠬᠢᠴᠠᠮᠵᠢ ᠶᠢ ᠲᠡᠭᠦᠯᠳᠡᠷᠵᠢᠭᠦᠯᠬᠦ᠂ ᠲᠤᠰᠬᠠᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠵᠡᠷᠭᠡ ᠳᠥᠷᠪᠡᠨ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠵᠤ᠂ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠶ ᠬᠤᠲᠠ ᠶᠢᠨ ᠳᠡᠳ᠋ ᠳᠠᠷᠤᠭ᠎ᠠ ᠪᠠᠷ ᠲᠦᠷᠦᠭᠦᠯᠡᠭᠦᠯᠬᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠳᠦᠷ ᠲᠤᠲᠤᠮ ᠤᠨ ᠵᠣᠬᠢᠴᠠᠭᠤᠯᠤᠨ ᠬᠢᠨᠠᠨ ᠵᠢᠯᠣᠭᠤᠳᠬᠤ᠂ ᠬᠠᠮᠢᠶ᠎ᠠ ᠪᠥᠬᠦᠶ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠨᠢᠭᠲᠠ ᠬᠠᠮᠵᠢᠯᠴᠠᠬᠤ ᠠᠵᠢᠯ ᠤᠨ ᠵᠣᠬᠢᠴᠠᠮᠵᠢ ᠶᠢ ᠪᠠᠶᠢᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠯᠣᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠪᠠᠯᠠ ᠮᠥᠩᠭᠦ ᠶᠢᠨ ᠳᠡᠮᠵᠢᠯᠭᠡ ᠪᠠ ᠲᠤᠰᠬᠠᠶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃     ᠲᠠᠪᠤ᠂ ︽ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾᠎ ᠶᠢᠨ ᠬᠡᠰᠡᠭ᠃ ᠲᠥᠰᠦᠯ ᠤᠨ ᠳᠠᠷᠠᠭ᠎ᠠ ︽ᠪᠤᠭᠤᠲᠤ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ︵2021 — 2027︶︾᠎ ᠶᠢ ᠳᠠᠭᠠᠯᠳᠤᠭᠤᠯᠪᠠ᠃ ᠭᠤᠣᠯᠳᠠᠭᠤ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠪᠠ ᠠᠭᠤᠯᠭ᠎ᠠ᠂ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠬᠦ ᠪᠠᠷ ᠯᠠᠪᠯᠠᠯᠲᠠ ᠪᠣᠯᠭᠠᠨ᠎ᠠ᠃ ᠠᠯᠠᠰᠢᠨ ᠦᠬᠡᠷ ᠠᠯᠠᠰᠢᠨ ᠬᠤᠨᠢᠨ ᠤ ᠬᠡᠪᠴᠢᠶᠡᠲᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠠᠵᠤ ᠦᠢᠯᠡᠰ ᠤᠨ ᠬᠦᠴᠦᠷᠬᠡᠭ ᠪᠠᠯᠭᠠᠰᠤ ︵ᠤᠨᠴᠠᠯᠢᠬᠳᠤ ᠵᠢᠵᠢᠭ ᠪᠠᠯᠭᠠᠰᠤ︶᠎ ᠶᠢᠨ ᠬᠥᠭᠵᠢᠯᠲᠡ ᠶᠢ ᠳᠡᠮᠵᠢᠵᠦ᠂ ᠠᠯᠠᠰᠢᠨ ᠦᠬᠡᠷ ᠠᠯᠠᠰᠢᠨ ᠬᠤᠨᠢᠨ ᠤ ᠲᠤᠰᠬᠠᠶ ᠲᠣᠰᠬᠤᠨ ᠤ ᠲᠡᠵᠢᠭᠡᠯ ᠡᠪᠡᠰᠦ ᠪᠣᠷᠳᠤᠭ᠎ᠠ ᠬᠤᠷᠢᠶᠠᠨ ᠠᠪᠴᠤ ᠳᠣᠭᠢᠷᠠᠭᠤᠯᠤᠨ ᠬᠦᠷᠭᠡᠬᠦ ︵ᠬᠡᠭᠡᠯᠲᠦᠭᠦᠯᠭᠡ ᠬᠢᠬᠦ︶ ᠶᠡᠷᠦᠩᠬᠡᠶᠢᠯᠡᠭᠰᠡᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠪᠠ ᠴᠠᠷᠭᠠᠰᠤ᠂ ᠨᠣᠬᠠᠶ ᠶᠢᠨ ᠬᠤᠰᠢᠭᠤ ᠶᠢᠨ ᠲᠡᠵᠢᠭᠡᠯ ᠡᠪᠡᠰᠦ ᠪᠣᠷᠳᠤᠭ᠎ᠠ ᠳᠠᠷᠢᠬᠤ ᠶᠢ ᠳᠡᠮᠵᠢᠬᠦ᠂ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ᠂ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢ ᠳᠡᠮᠵᠢᠬᠦ᠂ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠶᠢᠨ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠵᠡᠷᠭᠡ 9 ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠪᠦᠷᠢᠯᠳᠦᠯ ᠢ ᠳᠡᠮᠵᠢᠵᠦ᠂ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢᠨ ᠠᠭᠤᠯᠭ᠎ᠠ᠂ ᠨᠥᠬᠦᠪᠥᠷᠢ ᠶᠢᠨ ᠪᠠᠷᠢᠮᠵᠢᠶ᠎ᠠ᠂ ᠨᠥᠬᠦᠪᠥᠷᠢ ᠶᠢᠨ ᠠᠷᠭ᠎ᠠ ᠬᠡᠯᠪᠡᠷᠢ ᠪᠠ ᠨᠥᠬᠦᠪᠥᠷᠢ ᠶᠢᠨ ᠪᠠᠯᠠ ᠮᠥᠩᠭᠦ ᠶᠢ ᠲᠡᠮᠡᠴᠡᠨ ᠤᠯᠬᠤ ᠠᠷᠭ᠎ᠠ ᠵᠠᠮ ᠵᠢᠴᠢ ᠬᠠᠷᠢᠭᠤᠴᠠᠯᠭᠠᠲᠤ ᠰᠠᠯᠠᠭ᠎ᠠ ᠮᠥᠴᠢᠷ ᠪᠠ ᠬᠠᠷᠢᠭᠤᠴᠠᠯᠭᠠᠲᠤ ᠭᠠᠵᠠᠷ ᠣᠷᠣᠨ ᠢ ᠲᠣᠳᠣᠷᠬᠠᠶᠢᠯᠠᠪᠠ᠃     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠪᠠᠷ ᠲᠦᠷᠦᠭᠦᠯᠡᠬᠦᠯᠦᠨ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠳᠦᠷ ᠲᠤᠲᠤᠮ ᠤᠨ ᠵᠣᠬᠢᠴᠠᠭᠤᠯᠤᠨ ᠬᠢᠨᠠᠨ ᠵᠢᠯᠣᠭᠤᠳᠬᠤ᠂ ᠬᠠᠮᠢᠶ᠎ᠠ ᠪᠥᠬᠦᠶ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠲᠠ ᠬᠠᠮᠵᠢᠯᠴᠠᠬᠤ ᠠᠵᠢᠯ ᠤᠨ ᠵᠣᠬᠢᠴᠠᠮᠵᠢ ᠶᠢ ᠪᠠᠶᠢᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃     ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ︽ᠲᠤᠩᠬᠠᠭ ᠨᠡᠶᠢᠲᠡᠯᠡᠨ ᠮᠠᠩᠯᠠᠶᠢᠯᠠᠭᠤᠯᠬᠤ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠯᠠᠰᠢᠨ ᠦᠬᠡᠷ ᠠᠯᠠᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ᠂ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ ᠭᠤᠤᠯᠳᠠᠯᠭ᠎ᠠ ᠲᠠᠢ ᠥᠷᠨᠢᠭᠦᠯᠦᠨ᠎ᠡ᠃     ᠭᠤᠷᠪᠠ ᠳᠤ᠂ ᠣᠷᠣᠭᠤᠯᠤᠯᠲᠠ ᠶᠢᠨ ᠵᠣᠬᠢᠴᠠᠮᠵᠢ ᠶᠢ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ ᠲᠥᠷᠥᠯ ᠵᠦᠢᠯ ᠪᠠ ᠪᠠᠯᠠ ᠮᠥᠩᠭᠦ ᠶᠢᠨ ᠦᠵᠡᠯ ᠤᠬᠠᠮᠰᠠᠷ ᠢ ᠡᠮᠬᠢᠯᠡᠨ ᠨᠡᠶᠢᠯᠡᠭᠦᠯᠬᠦ᠂ ᠳᠡᠭᠡᠳᠦ ᠱᠠᠲᠤᠨ ᠤ ᠪᠠᠯᠠ ᠮᠥᠩᠭᠦ ᠪᠠᠷ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠤᠨ ᠣᠷᠣᠭᠤᠯᠤᠯᠲᠠ ᠪᠠᠷ ᠭᠤᠤᠯ ᠴᠣᠭᠴᠠ ᠪᠣᠯᠭᠠᠭᠰᠠᠨ᠂ ᠨᠡᠶᠢᠭᠡᠮ ᠤᠨ ᠪᠠᠯᠠ ᠮᠥᠩᠭᠦ ᠥᠷᠭᠡᠨ ᠢᠶᠠᠷ ᠣᠷᠣᠯᠴᠠᠭᠰᠠᠨ ᠣᠷᠣᠭᠤᠯᠤᠯᠲᠠ ᠶᠢᠨ ᠵᠣᠬᠢᠴᠠᠮᠵᠢ ᠶᠢ ᠪᠠᠶᠢᠭᠤᠯᠤᠨ᠎ᠠ᠃     ᠳᠥᠷᠪᠡ ᠳᠤ᠂ ᠲᠤᠰᠬᠠᠶ ᠲᠥᠷᠥ ᠶᠢᠨ ᠪᠤᠳᠣᠯᠭ᠎ᠠ ᠶᠢ ᠳᠣᠭᠲᠠᠭᠠᠨ᠎ᠠ᠃ ᠪᠥᠬᠦ ᠬᠤᠲᠠ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠵᠦ᠂ ᠭᠠᠵᠠᠷ ᠰᠢᠷᠣᠶ ᠶᠢᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠥᠷᠥᠯ ᠵᠦᠢᠯ ᠢ ᠲᠣᠭᠲᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠬᠦ᠂ ᠠᠯᠠᠵᠤ ᠨᠢᠲᠤᠯᠵᠤ ᠡᠳ᠋ᠰᠢᠭᠦᠯᠬᠦ ᠵᠡᠷᠭᠡ ᠲᠠᠯ᠎ᠠ ᠪᠠᠷ ᠳᠡᠮᠵᠢᠵᠦ᠂ ᠪᠥᠬᠦ ᠬᠤᠲᠠ ᠪᠠᠷ ᠢᠶᠠᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃   
 
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号