ᠯᠢᠦ ᠵᠢᠶᠦ᠋ᠨ ᠢ᠄ ᠭᠤᠤᠯ ᠰᠡᠳᠦᠪᠲᠦ ᠬᠥᠮᠦᠵᠢᠯ ᠢᠶᠠᠷ ᠤᠳᠤᠷᠢᠳᠤᠮᠵᠢ ᠪᠣᠯᠭᠠᠵᠤ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/11/22
ᠴᠠᠭ᠄ 2023 - 11-22 ᠬᠠᠶᠢᠬᠤ ᠤᠳᠠᠭ᠎ᠠ᠄ 48 ᠤᠳᠠᠭ᠎ᠠᠵᠣᠴᠢᠨ᠄ ᠵᠢᠦ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ︽ᠬᠤᠶᠠᠷ ᠢ ᠲᠣᠭᠲᠠᠭᠠᠬᠤ︾᠎ ᠶᠢ ᠴᠢᠩ ᠰᠡᠳᠬᠢᠯ ᠠᠴᠠ ᠪᠠᠨ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠤᠯᠤᠰ ᠲᠥᠷᠥ ᠶᠢᠨ ᠰᠢᠯᠭᠠᠯᠲᠠ ᠪᠣᠯᠤᠨ᠎ᠠ᠂ ᠵᠢᠥ ᠶᠤᠸᠠᠨ ᠲᠣᠭᠤᠷᠢᠭ ᠤᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠨᠢᠭᠡ ᠨᠢᠭᠡ ᠠᠯᠬᠤᠮ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠲᠡᠷᠢᠭᠦᠨ ᠳᠤ ᠣᠷᠣᠬᠤ ᠪᠠᠷ ᠴᠢᠷᠮᠠᠶᠢᠨ᠎ᠠ᠃    ᠨᠢᠭᠡ ᠳᠤ᠂ ︽ᠰᠤᠷᠤᠯᠴᠠᠬᠤ︾᠎ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠦᠨᠵᠡᠭᠡᠢ ᠰᠤᠷᠤᠯᠴᠠᠵᠤ ᠨᠠᠷᠢᠨ ᠰᠤᠳᠤᠯᠬᠤ ᠳᠤᠮᠳᠠ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠄ ︽ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠥᠪᠥᠷ ᠮᠣᠩᠭᠤᠯ ᠤᠨ ᠣᠨᠴᠠᠯᠢᠭ ᠪᠦᠬᠦᠢ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ ᠵᠢᠷᠤᠮᠯᠠᠯ ᠮᠥᠨ᠃ ᠬᠤᠰᠢᠭᠤ ᠰᠢᠶᠠᠨ ᠲᠣᠭᠤᠷᠢᠭ ᠲᠤᠰ ᠪᠡᠶ᠎ᠡ ᠳᠠᠭᠠᠨ ᠳᠤᠬᠢᠷᠠᠬᠤ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠭᠡᠪᠡᠯ ᠡᠩ ᠲᠡᠷᠢᠭᠦᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ ᠲᠠᠨᠢᠯᠲᠠ ᠪᠣᠯᠤᠨ ᠪᠣᠳᠣᠯᠬᠢᠯᠠᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠪᠣᠯᠤᠨ ᠰᠢᠯᠭᠠᠷᠠᠭᠰᠠᠨ ᠤᠯᠤᠰ ᠲᠦᠷᠦ ᠶᠢᠨ ᠬᠡᠪ ᠴᠢᠨᠠᠷ ᠪᠣᠯᠭᠠᠨ ᠬᠤᠪᠢᠷᠠᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠳᠤ ᠤᠯᠤᠰ ᠲᠦᠷᠦ ᠶᠢᠨ ᠪᠡᠯᠡᠳᠬᠡᠯ ᠪᠣᠯᠤᠨ ᠦᠵᠡᠯ ᠰᠠᠨᠠᠭᠠᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃   ᠬᠤᠶᠠᠷ ᠲᠤ᠂ ︽ᠰᠡᠳᠬᠢᠬᠦ︾᠎ ᠶᠢ ᠪᠠᠷᠢᠮᠲᠠᠯᠠᠵᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠬᠦᠴᠦᠯᠡᠬᠦ ᠵᠠᠩᠭᠢᠯᠠᠭ᠎ᠠ ᠶᠢ ᠣᠨᠣᠪᠴᠢᠲᠠᠢ ᠡᠷᠢᠬᠦ ᠬᠡᠷᠡᠭᠲᠡᠢ᠃ ᠠᠵᠤ ᠦᠢᠯᠡᠰ ᠪᠣᠯ ᠬᠥᠭᠵᠢᠯᠲᠡ ᠶᠢᠨ ᠰᠠᠭᠤᠷᠢ ᠮᠥᠨ᠂ ᠣᠳᠣᠬᠠᠨ ᠳᠤ ᠡᠯ᠎ᠡ ᠭᠠᠵᠠᠷ ᠣᠷᠣᠨ ᠤ ᠬᠤᠭᠤᠷᠣᠨᠳᠣᠬᠢ ᠠᠵᠤ ᠠᠬᠤᠢ ᠶᠢᠨ ᠥᠷᠢᠰᠥᠯᠳᠦᠭᠡᠨ ᠪᠣᠯ ᠡᠴᠦᠰ ᠤᠨ ᠡᠴᠦᠰ ᠲᠡᠭᠡᠨ ᠬᠡᠨ ᠤ ᠠᠵᠤ ᠦᠢᠯᠡᠰ ᠤᠨ ᠬᠡᠯᠬᠢᠶ᠎ᠡ ᠠᠴᠠ ᠨᠡᠩ ᠳᠠᠪᠠᠭᠤᠯᠢᠭ ᠲᠠᠯ᠎ᠠ ᠲᠠᠢ᠂ ᠨᠡᠩ ᠤᠶᠠᠨ ᠬᠠᠳᠠᠨ ᠴᠢᠨᠠᠷ ᠲᠠᠢ᠂ ᠨᠡᠩ ᠲᠣᠭᠲᠠᠭᠤᠨ ᠪᠣᠯᠤᠨ᠎ᠠ᠃ ᠵᠢᠥ ᠶᠤᠸᠠᠨ ᠲᠣᠭᠤᠷᠢᠭ ᠪᠥᠬᠦ ᠬᠤᠲᠠ ᠶᠢᠨ ᠠᠰᠢᠭᠯᠠᠵᠤ ᠪᠣᠯᠬᠤ ᠲᠠᠯᠠᠪᠠᠶ ᠪᠠᠷ ᠬᠠᠮᠤᠭ ᠤᠨ ᠶᠡᠭᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠪᠥᠬᠦ ᠬᠤᠲᠠ ᠶᠢᠨ ︽2+5+N︾ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠳᠤ ᠭᠦᠨᠵᠡᠭᠡᠶ ᠰᠢᠭᠢᠳᠬᠡᠵᠦ᠂ ︽ᠠᠵᠤ ᠦᠢᠯᠡᠳᠪᠦᠷᠢ ᠪᠠᠷ ᠲᠣᠭᠤᠷᠢᠭ ᠢᠶᠠᠨ ᠪᠠᠶᠢᠭᠤᠯᠬᠤ᠂ ᠠᠵᠤ ᠦᠢᠯᠡᠰ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ︾᠎ ᠶᠢ ᠪᠠᠷᠢᠮᠲᠠᠯᠠᠨ᠎ᠠ᠃ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠬᠤ ᠶᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠬᠦ ᠶᠢᠨ ᠴᠢᠬᠤᠯᠠ ᠭᠠᠷᠳᠠᠴᠠ ᠪᠣᠯᠭᠠᠵᠤ᠂ ᠰᠢᠰᠲ᠋ᠧᠮ ᠲᠠᠢ ᠰᠤᠳᠤᠯᠵᠤ᠂ ᠲᠥᠪᠯᠡᠷᠡᠭᠦᠯᠦᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠭᠤᠤᠯ ᠰᠢᠪᠲᠤᠯᠤᠯᠲᠠ ᠶᠢᠨ ᠴᠢᠭᠯᠡᠯ ᠢ ᠬᠠᠷᠠᠭᠠᠯᠠᠨ᠂ ᠳ᠋ᠠ ᠴᠢᠤᠸᠠᠨ᠂ ᠵᠥᠩ ᠶᠤᠸᠠᠨ᠂ ᠰᠠᠨᠰᠠᠷ ᠤᠨ ᠠᠶᠠᠯᠠᠯ ᠤᠨ ᠯᠢᠲ᠋ᠢ ᠴᠠᠬᠢᠯᠭᠠᠨ ᠪᠠᠷ ᠭᠤᠤᠯ ᠪᠣᠯᠭᠠᠭᠰᠠᠨ ᠰᠢᠨ᠎ᠡ ᠡᠨᠧᠷᠭᠢ ᠪᠠ ᠤᠯᠤᠰ ᠤᠨ ᠡᠨᠧᠷᠭᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠵᠥᠩ ᠶᠤᠸᠠᠨ᠂ ᠭᠤᠸᠠᠩ ᠸᠧᠶ ᠵᠡᠷᠭᠡ ᠪᠠᠷ ᠭᠤᠤᠯ ᠪᠣᠯᠭᠠᠭᠰᠠᠨ ᠰᠢᠨ᠎ᠡ ᠮᠠᠲ᠋ᠧᠷᠢᠶᠠᠯ ᠭᠡᠬᠦ ᠬᠤᠶᠠᠷ ᠶᠡᠭᠡ ᠲᠤᠯᠭᠠᠭᠤᠷᠢ ᠠᠵᠤ ᠦᠢᠯᠡᠰ ᠢ ᠠᠩᠬ᠎ᠠ ᠠᠯᠬᠤᠮ ᠪᠦᠷᠢᠯᠳᠦᠭᠦᠯᠵᠦ᠂ 2022 ᠣᠨ ᠤ ᠡᠴᠦᠰ ᠪᠣᠯᠲᠠᠯ᠎ᠠ᠂ ᠦᠢᠯᠡᠳᠬᠦᠨ ᠤ ᠥᠷᠲᠡᠭ ᠨᠢ 300 ᠳ᠋ᠦᠩᠰᠢᠭᠤᠷ ᠲᠥᠭᠦᠷᠢᠭ ᠢ ᠳᠠᠪᠠᠵᠤ᠂ ᠭᠠᠵᠠᠷ ᠣᠷᠣᠨ ᠤ ᠣᠨᠴᠠᠯᠢᠭ ᠲᠤ ᠨᠡᠶᠢᠴᠡᠭᠰᠡᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠣᠶ ᠪᠣᠯᠭᠠᠪᠠ     ᠭᠤᠷᠪᠠ ᠳᠤ᠂ ︽ᠠᠵᠢᠯᠯᠠᠬᠤ︾᠎ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠤᠮᠳᠠ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄ ︽ᠬᠡᠷᠪᠡ ᠰᠡᠳᠬᠢᠯ ᠰᠢᠭᠤᠳᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠦᠭᠡᠢ ᠪᠣᠯ ᠬᠡᠳᠦᠢ ᠰᠠᠶᠢᠨ ᠬᠠᠷᠠᠯᠲᠠ᠂ ᠬᠡᠳᠦᠢ ᠰᠠᠶᠢᠨ ᠵᠢᠷᠤᠭ ᠲᠥᠰᠦᠪ ᠴᠦ ᠰᠢᠯ ᠳᠣᠲᠣᠷᠠᠬᠢ ᠴᠡᠴᠡᠭ᠂ ᠤᠰᠤᠨ ᠳᠣᠲᠣᠷᠠᠬᠢ ᠰᠠᠷ᠎ᠠ ︾  ᠭᠡᠪᠡ᠃ ᠵᠢᠥ ᠶᠤᠸᠠᠨ ᠲᠣᠭᠤᠷᠢᠭ ᠤᠨ ᠬᠢᠨ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠠᠯᠢᠪᠠ ᠪᠦᠬᠦᠨ ᠳᠤ ᠵᠦᠢᠯᠡᠰ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠬᠦ ᠬᠦᠴᠦᠨ ᠢᠶᠠᠷ ᠢᠶᠠᠨ ᠨᠢᠭᠡ ᠪᠦᠯᠦᠭ ᠲᠥᠪᠯᠡᠷᠡᠭᠦᠯᠬᠦ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠡᠯᠬᠢᠶ᠎ᠡ ᠶᠢᠨ ᠳᠠᠶᠢᠴᠢᠯᠠᠬᠤ ᠦᠢᠯᠡᠳᠦᠯ ᠢᠶᠠᠷ ᠶᠡᠭᠡ᠂ ᠦᠷ᠎ᠡ ᠠᠰᠢᠭ ᠢᠶᠠᠷ ᠰᠠᠶᠢᠨ ᠲᠤᠮᠤ ᠵᠦᠢᠯᠡᠰ᠂ ᠰᠠᠶᠢᠨ ᠵᠦᠢᠯᠡᠰ ᠢ ᠣᠷᠣᠭᠤᠯᠤᠨ ᠠᠪᠴᠢᠷᠠᠪᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠠᠷᠠᠯᠲᠠᠲᠤ ᠠᠵᠤ ᠠᠬᠤᠶᠢᠯᠠᠯ ᠢ 43 ᠡᠮᠬᠢᠯᠡᠨ ᠵᠣᠯᠭᠠᠭᠤᠯᠵᠤ᠂ 2025 ᠣᠨ ᠪᠣᠯᠬᠤ ᠳᠤ᠂ ᠬᠡᠷᠡᠯ ᠴᠡᠨᠡᠭ ᠤᠨ ᠠᠷᠤ ᠬᠠᠪᠲᠠᠰᠤ᠂ ᠳ᠋ᠢᠶᠠᠨ ᡂᠢ ᠶᠢᠨ ᠢᠯᠲᠠᠰᠤ᠂ ᠲᠤᠯᠬᠤ ᠵᠢᠶᠠᠰᠠ᠂ ᠭᠤᠮ ᠪᠦᠷᠬᠦᠭᠦᠯ᠂ ᠬᠥᠪᠡᠭᠡ ᠵᠠᠬ᠎ᠠ᠂ ᠰᠥᠷᠭᠡᠦ ᠬᠤᠪᠢᠰᠬᠠᠭᠤᠷ ᠵᠡᠷᠭᠡ ᠪᠦᠷᠢᠨ ᠲᠡᠭᠦᠯᠳᠡᠷ ᠠᠵᠤ ᠦᠢᠯᠡᠰ ᠤᠨ ᠬᠡᠯᠬᠢᠶ᠎ᠡ ᠶᠢ ᠦᠨᠳᠦᠰᠦᠨ ᠳᠤ ᠪᠠᠨ ᠪᠦᠷᠢᠯᠳᠦᠭᠦᠯᠬᠦ ᠪᠠᠷ ᠴᠢᠷᠮᠠᠶᠢᠨ᠎ᠠ᠃ ᠨᠡᠭᠦᠷᠡᠰᠦᠲᠥ᠋ᠷᠥᠭᠴᠢ ᠶᠢᠨ ᠰᠢᠷᠬᠡᠭ ᠵᠢᠴᠢ ᠳᠡᠭᠡᠳᠦ ᠮᠣᠯᠧᠺᠦ᠋ᠯ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠠᠷᠠᠯᠲᠠᠲᠤ ᠠᠵᠤ ᠠᠬᠤᠶᠢᠯᠠᠯ ᠢ 199 ᠡᠮᠬᠢᠯᠡᠨ ᠵᠣᠯᠭᠠᠭᠤᠯᠵᠤ᠂ 2025 ᠣᠨ ᠪᠣᠯᠬᠤ ᠳᠤ᠂ ᠣᠨᠴᠠ ᠲᠥᠷᠥᠯ ᠤᠨ ᠰᠢᠷᠬᠡᠭ᠂ ᠾᠯᠣᠷᠲᠤ ᠪᠦᠲ᠋ᠢᠯ ᠭᠤᠮ ᠵᠡᠷᠭᠡ ᠳᠣᠤᠷᠠᠳᠤ ᠤᠷᠤᠰᠬᠠᠯ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠪᠦᠬᠦᠯᠢ ᠴᠣᠭᠴᠠ ᠪᠠᠷ ᠨᠢ ᠪᠣᠯᠭᠠᠬᠤ ᠪᠠᠷ ᠴᠢᠷᠮᠠᠶᠢᠵᠤ᠂ ᠨᠠᠩ ᠣᠯᠠᠨ ᠰᠢᠨ᠎ᠡ ᠨᠡᠮᠡᠭᠳᠡᠯ ᠤᠨ ᠬᠡᠮᠵᠢᠶ᠎ᠡ᠂ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠡᠭᠦᠯᠴᠢ ᠪᠣᠯᠬᠤ ᠳᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠲᠠᠰ ᠤᠨ ᠡᠩᠨᠡᠭᠡᠨ ᠳᠤ ᠣᠷᠣᠭᠤᠯᠬᠤ ᠶᠢ ᠠᠬᠢᠭᠤᠯᠤᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号