ᠲᠠᠶᠢᠠ ᠵᠣᠬᠰᠣᠬᠤ ᠶᠢ ᠠᠬᠢᠭᠤᠯᠵᠤ ᠥᠨᠢ ᠤᠳᠠᠭᠠᠨ ᠤ ᠡᠩᠬᠡ ᠲᠠᠶᠢᠪᠤᠩ ᠠᠮᠤᠷ ᠲᠦᠪᠰᠢᠨ ᠢ ᠪᠡᠶᠡᠯᠡᠭᠦᠯᠦᠶ᠎ᠡ — ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠣᠨᠴᠠᠭᠠᠢ ᠸᠢᠳᠢᠤ᠋ ᠶᠢᠨ ᠲᠦᠷᠦᠭᠦᠴᠦᠳ ᠤᠨ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2023/11/22
              ︵2023 ᠣᠨ ᠤ 11 ᠰᠠᠷ᠎ᠠ ᠶᠢᠨ 21᠎ ᠤ ᠡᠳᠦᠷ᠂ ᠪᠡᠭᠡᠵᠢᠩ ᠳᠤ︶              ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ    ᠬᠦᠨᠳᠦᠲᠦ ᠯᠠᠮᠠᠹᠦ᠋ᠰᠠ ᠶᠡᠷᠦᠩᠬᠡᠶᠢᠯᠡᠭᠴᠢ᠂    ᠬᠠᠮᠲᠤ ᠠᠵᠢᠯᠯᠠᠭᠰᠠᠳ ᠠ᠋᠄    ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠪᠣᠯ ᠠᠯᠳᠠᠨ ᠲᠣᠭᠤᠰᠭ᠋᠎ᠠ ᠤᠯᠤᠰ ᠤᠳ ᠤᠨ ᠪᠦᠷᠢᠯᠳᠦᠭᠦᠨ ᠢᠶᠠᠨ ᠥᠷᠭᠡᠳᠬᠡᠭᠰᠡᠨ ᠤ ᠳᠠᠷᠠᠭᠠᠬᠢ ᠠᠩᠬᠠᠳᠠᠭᠴᠢ ᠤᠳᠤᠷᠢᠳᠬᠤ ᠬᠥᠮᠥᠰ ᠤᠨ ᠠᠭᠤᠯᠵᠠᠯᠲᠠ ᠪᠣᠯᠣᠨ᠎ᠠ᠃ ᠡᠩ ᠲᠡᠷᠢᠭᠦᠨ ᠳᠤ᠂ ᠪᠢ ᠠᠯᠳᠠᠨ ᠲᠣᠭᠤᠰᠭ᠋᠎ᠠ ᠤᠯᠤᠰ ᠤᠳ ᠤᠨ ᠰᠢᠨ᠎ᠡ ᠪᠦᠷᠢᠯᠳᠦᠭᠦᠨ ᠤᠯᠤᠰ ᠤᠨ ᠤᠳᠤᠷᠢᠳᠬᠤ ᠬᠥᠮᠥᠰ ᠢ ᠪᠠᠶᠠᠷᠯᠠᠨ ᠤᠭᠲᠤᠵᠤ᠂ ᠶᠡᠷᠦᠩᠬᠡᠶᠢᠯᠡᠭᠴᠢ ᠯᠠᠮᠠᠹᠦ᠋ᠰᠠ ᠪᠣᠯᠣᠨ ᠡᠮᠦᠨᠡᠲᠦ ᠠᠹᠷᠢᠺᠠ ᠶᠢᠨ ᠵᠠᠰᠠᠭ ᠤᠨ ᠣᠷᠳᠣᠨ ᠤ ᠡᠨᠡ ᠤᠳᠠᠭ᠎ᠠ ᠶᠢᠨ ᠠᠭᠤᠯᠵᠠᠯᠲᠠ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ᠃ ᠣᠳᠣᠬᠠᠨ ᠤ ᠪᠠᠶᠢᠳᠠᠯ ᠳᠣᠣᠷ᠎ᠠ ᠠᠯᠳᠠᠨ ᠲᠣᠭᠤᠰᠭ᠋᠎ᠠ ᠤᠯᠤᠰ ᠤᠳ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠰᠢᠳᠤᠷᠭᠤ ᠶᠣᠰᠣᠨ ᠤ ᠲᠠᠭᠤᠨ᠂ ᠡᠩᠬᠡ ᠲᠠᠶᠢᠪᠤᠩ ᠤᠨ ᠲᠠᠭᠤᠨ ᠢ ᠴᠤᠤᠷᠢᠶᠠᠲᠤᠭᠤᠯᠤᠭᠰᠠᠨ ᠨᠢ ᠴᠠᠭ ᠲᠠᠭᠠᠨ ᠮᠠᠰᠢ ᠲᠣᠬᠢᠷᠠᠵᠤ᠂ ᠮᠠᠰᠢ ᠴᠢᠬᠤᠯᠠᠲᠠᠢ ᠶᠤᠮ᠃    ᠭᠠᠽᠠ ᠣᠷᠣᠨ ᠤ ᠮᠥᠷᠭᠦᠯᠳᠦᠭᠡᠨ ᠨᠢᠭᠡᠨᠲᠡ ᠰᠠᠷ᠎ᠠ ᠭᠠᠷᠤᠢ ᠦᠷᠭᠦᠯᠵᠢᠯᠡᠵᠦ᠂ ᠶᠡᠭᠡ ᠬᠡᠮᠵᠢᠶᠡᠨ ᠤ ᠡᠭᠡᠯ ᠠᠷᠠᠳ ᠤᠨ ᠠᠳᠡᠯ ᠰᠢᠷᠬᠠᠲᠤᠯ ᠪᠠ ᠬᠥᠮᠦᠯᠢᠭ ᠦᠵᠡᠯ ᠤᠨ ᠭᠠᠢ ᠭᠠᠮᠰᠢᠭ ᠢ ᠪᠤᠶ ᠪᠤᠯᠭᠠᠬᠰᠠᠨ ᠪᠥᠭᠡᠳ ᠭᠠᠳᠠᠭᠰᠢ ᠥᠷᠭᠡᠳᠬᠦ ᠬᠠᠨᠳᠤᠰᠢ ᠶᠡᠬᠡᠳᠴᠦ ᠪᠠᠶᠢᠨ᠎ᠠ᠂ ᠡᠭᠦᠨ ᠢ ᠳᠤᠮᠳᠠᠳᠤ ᠤᠯᠤᠰ ᠮᠠᠰᠢ ᠠᠩᠬᠠᠷᠴᠤ ᠪᠠᠶᠢᠨ᠎ᠠ᠃ ᠣᠳᠣᠬᠠᠨ ᠤ ᠪᠠᠴᠢᠮ ᠡᠭᠦᠷᠭᠡ ᠭᠡᠪᠡᠯ᠂ ᠨᠢᠭᠡ ᠳᠤ᠂ ᠮᠥᠷᠭᠦᠯᠳᠦᠭᠡᠨ ᠲᠠᠢ ᠡᠯ᠎ᠡ ᠲᠠᠯ᠎ᠠ ᠶᠢᠨ ᠬᠢᠨ ᠳᠠᠷᠤᠢ ᠲᠦᠷᠭᠡᠨ ᠲᠤᠯᠤᠯᠳᠤᠬᠤ ᠪᠠᠨ ᠵᠣᠭᠰᠣᠵᠤ᠂ ᠡᠭᠡᠯ ᠠᠷᠠᠳ ᠲᠤ ᠴᠢᠭᠯᠡᠭᠦᠯᠦᠭᠰᠡᠨ ᠠᠯᠢᠪᠠ ᠬᠦᠴᠦᠷᠬᠡᠭᠯᠡᠯ ᠪᠠ ᠳᠠᠭᠠᠷᠢᠯᠲᠠ ᠶᠢ ᠵᠣᠭᠰᠣᠭᠠᠵᠤ᠂ ᠬᠤᠷᠢᠵᠤ ᠪᠠᠶᠢᠭ᠎ᠠ ᠡᠭᠡᠯ ᠠᠷᠠᠳ ᠢ ᠰᠤᠯᠠᠯᠠᠵᠤ᠂ ᠨᠡᠩ ᠬᠦᠨᠳᠦ ᠨᠣᠴᠢᠲᠠᠢ ᠠᠮᠢ ᠨᠠᠰᠤᠨ ᠤ ᠠᠶᠤᠯ ᠵᠣᠪᠠᠯᠠᠩ ᠠᠮᠰᠠᠬᠤ ᠠᠴᠠ ᠵᠠᠶᠢᠯᠠᠰᠬᠢᠪᠡᠯ ᠵᠣᠬᠢᠨ᠎ᠠ᠃ ᠬᠤᠶᠠᠷ ᠲᠤ᠂ ᠬᠥᠮᠦᠯᠢᠭ ᠦᠵᠡᠯ ᠤᠨ ᠠᠪᠤᠷᠠᠨ ᠲᠤᠰᠠᠯᠠᠬᠤ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠽᠠ ᠶᠢᠨ ᠠᠷᠠᠳ ᠤᠯᠠᠨ ᠳᠤ ᠨᠡᠩ ᠤᠯᠠᠨ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ ᠠᠯᠪᠠᠳᠠᠯᠭ᠎ᠠ ᠪᠠᠷ ᠨᠡᠭᠦᠯᠭᠡᠬᠦ ᠶᠢ ᠵᠣᠭᠰᠣᠭᠠᠵᠤ᠂ ᠤᠰᠤ ᠴᠠᠭᠢᠯᠭᠠᠨ ᠲᠣᠰᠣ ᠶᠢ ᠲᠠᠰᠤᠯᠬᠤ ᠵᠡᠷᠭᠡ ᠭᠠᠽᠠ ᠶᠢᠨ ᠠᠷᠠᠳ ᠤᠯᠠᠨ ᠳᠤ ᠴᠢᠭᠯᠡᠭᠦᠯᠦᠭᠰᠡᠨ ᠬᠠᠮᠲᠤ ᠶᠢᠨ ᠵᠠᠯᠬᠠᠭᠠᠯ ᠢ ᠵᠣᠭᠰᠤᠭᠠᠬᠤ ᠬᠡᠷᠡᠭᠲᠡᠢ᠃ ᠭᠤᠷᠪᠠ ᠳᠤ᠂ ᠳᠡᠯᠡᠬᠡᠢ ᠨᠡᠶᠢᠭᠡᠮ ᠢᠶᠠᠷ ᠢᠶᠠᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠮᠥᠷᠭᠦᠯᠳᠦᠭᠡᠨ ᠤ ᠥᠷᠭᠡᠵᠢᠵᠦ᠂ ᠪᠦᠭᠦ᠋ᠢᠯᠡ ᠳᠤᠮᠳᠠᠳᠤ ᠳᠣᠷᠣᠨᠠᠲᠤ ᠶᠢᠨ ᠭᠠᠵᠠᠷ ᠣᠷᠣᠨ ᠤ ᠲᠣᠭᠲᠠᠭᠤᠨ ᠪᠠᠶᠢᠳᠠᠯ ᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠢ᠃ ᠳᠤᠮᠳᠠᠳᠤ ᠤᠯᠤᠰ ᠤᠨ ᠬᠢᠨ 10 ᠰᠠᠷ᠎ᠠ ᠶᠢᠨ 27᠎ ᠤ ᠡᠳᠦᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠪᠠᠴᠢᠮ ᠣᠨᠴᠠᠭᠠᠢ ᠬᠤᠷᠠᠯ ᠠᠴᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠲᠤᠬᠠᠢ ᠪᠠᠲᠤᠯᠠᠭᠰᠠᠨ ᠰᠢᠢᠳᠪᠦᠷᠢ ᠶᠢ ᠳᠡᠮᠵᠢᠨ᠎ᠠ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ ᠠᠶᠤᠯ ᠦᠭᠡᠢ ᠶᠢᠨ ᠵᠥᠪᠯᠡᠯ ᠤᠨ 2712 ᠳ᠋ᠤᠭᠠᠷ ᠲᠣᠭᠠᠲᠤ ᠰᠢᠢᠳᠪᠦᠷᠢ ᠶᠢ ᠡᠷᠭᠢᠯᠡᠨ ᠪᠠᠲᠤᠯᠠᠪᠠ᠃ ᠡᠯ᠎ᠡ ᠲᠠᠯ᠎ᠠ ᠶᠢᠨ ᠬᠢᠨ ᠰᠢᠢᠳᠪᠦᠷᠢ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠪᠠᠯ ᠵᠣᠬᠢᠨ᠎ᠠ᠃    ᠫᠠᠯᠧᠰᠲ᠋ᠠᠶᠢᠨ ᠢᠰᠷᠧᠯ ᠤᠨ ᠪᠠᠶᠢᠳᠠᠯ ᠥᠨᠥᠳᠥᠷ ᠤᠨ ᠪᠠᠶᠢᠳᠠᠯ ᠳᠤ ᠭᠦᠷᠦᠭᠰᠡᠨ ᠤ ᠦᠨᠳᠦᠰᠦᠨ ᠰᠢᠯᠲᠠᠭᠠᠨ ᠪᠣᠯ ᠫᠠᠯᠧᠰᠲ᠋ᠠᠶᠢᠨ ᠤ ᠠᠷᠠᠳ ᠲᠦᠮᠡᠨ ᠤ ᠤᠯᠤᠰ ᠪᠠᠶᠢᠭᠤᠯᠬᠤ ᠡᠷᠬᠡ᠂ ᠣᠷᠣᠰᠢᠨ ᠲᠣᠭᠲᠠᠨᠢᠬᠤ ᠡᠷᠬᠡ᠂ ᠪᠤᠴᠠᠵᠤ ᠢᠷᠡᠬᠦ ᠡᠷᠬᠡ ᠶᠢ ᠣᠷᠳᠣ ᠬᠤᠭᠤᠴᠠᠭ᠎ᠠ ᠪᠠᠷ ᠣᠶᠢᠰᠢᠶᠠᠬᠤ ᠦᠭᠡᠢ ᠪᠠᠶᠢᠭᠰᠠᠨ ᠠᠴᠠ ᠪᠣᠯᠤᠭᠰᠠᠨ ᠶᠤᠮ᠃ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠣᠷᠴᠢᠯᠲᠠ ᠶᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠪᠣᠯ ︽ᠬᠤᠶᠠᠷ ᠤᠯᠤᠰ ᠤᠨ ᠲᠥᠰᠥᠯ︾᠎ ᠢ ᠨᠠᠶᠢᠳᠠᠪᠤᠷᠢᠵᠢᠭᠤᠯᠵᠤ᠂ ᠫᠠᠯᠧᠰᠲ᠋ᠠᠶᠢᠨ ᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠰᠡᠷᠭᠦᠭᠡᠵᠦ᠂ ᠲᠤᠰᠠᠭᠠᠷ ᠲᠣᠭᠲᠠᠨᠢᠭᠰᠠᠨ ᠫᠠᠯᠧᠰᠲ᠋ᠠᠶᠢᠨ ᠤᠯᠤᠰ ᠢ ᠪᠠᠶᠢᠭᠤᠯᠬᠤ ᠶᠠᠪᠤᠳᠠᠯ ᠪᠣᠯᠣᠨ᠎ᠠ ᠭᠡᠵᠦ ᠪᠢ ᠣᠯᠠᠨᠲᠠ ᠴᠢᠬᠤᠯᠠᠴᠢᠯᠠᠪᠠ᠃ ᠫᠠᠯᠧᠰᠲ᠋ᠠᠶᠢᠨ ᠤ ᠠᠰᠠᠭᠤᠳᠠᠯ ᠢ ᠲᠥᠪ ᠭᠤᠣᠯᠴᠢ ᠪᠠᠷ ᠰᠢᠢᠳᠪᠦᠷᠢᠯᠡᠬᠦ ᠦᠭᠡᠢ ᠪᠣᠯ ᠳᠤᠮᠳᠠᠳᠤ ᠳᠣᠷᠣᠨᠠᠲᠤ ᠳᠤ ᠥᠨᠢ ᠤᠳᠠᠭᠠᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠪᠠᠶᠢᠵᠤ ᠴᠢᠳᠠᠬᠤ ᠦᠭᠡᠢ᠃ ᠳᠤᠮᠳᠠᠳᠤ ᠤᠯᠤᠰ ᠤᠨ ᠬᠢᠨ ᠨᠡᠩ ᠡᠷᠬᠡ ᠰᠦᠷᠲᠦ ᠴᠢᠨᠠᠷᠲᠠᠢ ᠤᠯᠠᠨ ᠤᠯᠤᠰ ᠤᠨ ᠨᠠᠶᠢᠷᠠᠮᠳᠠᠯ ᠤᠨ ᠬᠤᠷᠠᠯ ᠢ ᠡᠷᠲᠡᠬᠡᠨ ᠬᠤᠷᠠᠯᠳᠤᠭᠤᠯᠵᠤ᠂ ᠤᠯᠠᠨ ᠤᠯᠤᠰ ᠤᠨ ᠡᠩᠬᠡ ᠲᠠᠶᠢᠪᠤᠩ ᠢ ᠠᠬᠢᠭᠤᠯᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠫᠠᠯᠧᠰᠲ᠋ᠠᠶᠢᠨ ᠤ ᠠᠰᠠᠭᠤᠳᠠᠯ ᠢ ᠡᠷᠲᠡᠬᠡᠨ ᠪᠦᠭᠦ ᠲᠠᠯ᠎ᠠ ᠪᠠᠷ᠂ ᠲᠥᠪ ᠭᠤᠣᠯᠴᠢ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠦ ᠶᠢ ᠠᠬᠢᠭᠤᠯᠬᠤ ᠶᠢ ᠤᠷᠢᠶᠠᠯᠠᠵᠤ ᠪᠠᠶᠢᠨ᠎ᠠ᠃    ᠲᠤᠰ ᠡᠭᠡᠯᠵᠢ ᠶᠢᠨ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠡᠭᠦᠰᠦᠭᠰᠡᠨ ᠠᠴᠠ ᠨᠠᠭᠠᠰᠢ᠂ ᠳᠤᠮᠳᠠᠳᠤ ᠤᠯᠤᠰ ᠢᠳᠡᠪᠬᠢᠲᠡᠢ ᠪᠠᠷ ᠡᠶᠡᠳᠡᠬᠦ ᠶᠢ ᠢᠳᠬᠠᠨ ᠬᠡᠯᠡᠯᠴᠡᠭᠡ ᠶᠢ ᠠᠬᠢᠭᠤᠯᠵᠤ᠂ ᠲᠠᠶᠢᠨ ᠵᠣᠬᠰᠣᠬᠤ ᠶᠢ ᠠᠬᠢᠭᠤᠯᠪᠠ᠃ ᠭᠠᠽᠠ ᠶᠢᠨ ᠬᠥᠮᠦᠯᠢᠭ ᠦᠵᠡᠯ ᠤᠨ ᠪᠠᠶᠢᠳᠠᠯ ᠢ ᠨᠠᠮᠳᠠᠭᠤᠯᠬᠤ ᠶᠢᠨ ᠲᠥᠯᠥᠭᠡ᠂ ᠲᠤᠮᠳᠠᠳᠤ ᠤᠯᠤᠰ ᠨᠢᠭᠡᠨᠲᠡ ᠫᠠᠯᠧᠰᠲ᠋ᠠᠶᠢᠨ ᠤ ᠦᠨᠳᠦᠰᠦᠲᠡᠨ ᠤ ᠡᠷᠬᠡᠲᠦ ᠪᠠᠶᠢᠭᠤᠯᠤᠮᠵᠢ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠠᠶᠢᠭᠤᠯᠤᠮᠵᠢ ᠪᠠᠷ ᠲᠠᠮᠵᠢᠨ 200 ᠲᠦᠮᠡᠨ ᠳ᠋ᠣᠯᠯᠠᠷ ᠤᠨ ᠪᠠᠴᠢᠮ ᠠᠪᠤᠷᠠᠬᠤ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ ᠶᠧᠵᠢᠫᠲ ᠢᠶᠠᠷ ᠳᠠᠮᠵᠢᠨ ᠭᠠᠽᠠ ᠣᠷᠣᠨ ᠳᠤ 1500 ᠲᠦᠮᠡᠨ ᠲᠥᠭᠦᠷᠢᠭ ᠤᠨ ᠦᠷᠳᠡᠭ ᠪᠦᠬᠦᠢ ᠢᠳᠡᠭᠡᠨ᠂ ᠡᠮ ᠤᠨ ᠵᠦᠢᠯᠡᠰ ᠵᠡᠷᠭᠡ ᠪᠠᠴᠢᠮ ᠠᠪᠤᠷᠠᠬᠤ ᠬᠥᠮᠦᠯᠢᠭ ᠦᠵᠡᠯ ᠤᠨ ᠡᠳ᠋ ᠪᠣᠳᠠᠰ ᠢ ᠬᠠᠩᠭᠠᠭᠰᠠᠨ ᠪᠥᠭᠡᠳ ᠭᠠᠽᠠ ᠶᠢᠨ ᠠᠷᠠᠳ ᠲᠦᠮᠡᠨ ᠤ ᠬᠡᠷᠡᠭᠴᠡᠭᠡ ᠶᠢ ᠦᠨᠳᠦᠰᠦᠯᠡᠨ ᠦᠷᠭᠦᠯᠵᠢᠯᠡᠨ ᠡᠳ᠋ ᠪᠣᠳᠠᠰ ᠤᠨ ᠲᠤᠰᠠᠯᠠᠮᠵᠢ ᠬᠠᠩᠭᠠᠬᠤ ᠪᠣᠯᠣᠨ᠎ᠠ᠃ ᠳᠤᠮᠳᠠᠳᠤ ᠤᠯᠤᠰ ᠲᠤᠰ ᠰᠠᠷ᠎ᠠ ᠶᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ᠂ ᠠᠶᠤᠯ ᠦᠭᠡᠢ ᠶᠢᠨ ᠵᠥᠪᠯᠡᠯ ᠤᠨ ᠬᠤᠯᠪᠣᠭᠳᠠᠯ ᠪᠦᠬᠦᠢ ᠰᠢᠢᠳᠪᠦᠷᠢ ᠶᠢ ᠪᠠᠲᠤᠯᠠᠬᠤ ᠶᠢ ᠠᠬᠢᠭᠤᠯᠵᠤ᠂ ᠬᠥᠮᠦᠯᠢᠭ ᠦᠵᠡᠯ ᠤᠨ ᠲᠠᠶᠢᠨ ᠢ ᠲᠦᠷ ᠵᠣᠭᠰᠤᠭᠠᠬᠤ ᠪᠠ ᠬᠥᠮᠦᠯᠢᠭ ᠦᠵᠡᠯ ᠤᠨ ᠬᠤᠩᠭᠢᠯ ᠤᠨ ᠬᠤᠭᠤᠴᠠᠭ᠎ᠠ ᠶᠢ ᠤᠷᠲᠤᠳᠬᠠᠬᠤ᠂ ᠡᠭᠡᠯ ᠠᠷᠠᠳ ᠢ ᠬᠠᠮᠠᠭᠠᠯᠠᠬᠤ᠂ ᠬᠥᠮᠦᠯᠢᠭ ᠦᠵᠡᠯ ᠤᠨ ᠲᠤᠰᠠᠯᠠᠮᠵᠢ ᠦᠵᠡᠭᠦᠯᠭᠦ ᠵᠡᠷᠭᠡ ᠶᠢ ᠱᠠᠭᠠᠷᠳᠠᠪᠠ᠃    ᠬᠠᠮᠲᠤ ᠠᠵᠢᠯᠯᠠᠭᠰᠠᠳ ᠠ᠋︕    ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠬᠤ ᠴᠢᠬᠤᠯᠠ ᠲᠠᠪᠴᠠᠩ ᠪᠣᠯᠣᠨ᠎ᠠ᠃ ᠥᠨᠥᠳᠥᠷ᠂ ᠪᠢᠳᠠ ᠫᠠᠯᠧᠰᠲ᠋ᠠᠶᠢᠨ ᠢᠰᠷᠧᠯ ᠤᠨ ᠠᠰᠠᠭᠤᠳᠠᠯ ᠢᠶᠠᠷ ᠵᠣᠭᠰᠣᠯᠲᠠ ᠪᠠᠨ ᠵᠣᠬᠢᠴᠠᠭᠤᠯᠵᠤ᠂ ᠠᠵᠢᠯᠯᠠᠭ᠎ᠠ ᠠᠪᠴᠤ᠂ ᠪᠦᠷᠢᠯᠳᠦᠭᠦᠨ ᠢᠶᠠᠨ ᠥᠷᠭᠡᠳᠬᠡᠭᠰᠡᠨ ᠤ ᠳᠠᠷᠠᠭᠠᠬᠢ ︽ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾᠎ ᠶᠢᠨ ᠰᠠᠶᠢᠨ ᠡᠭᠢᠯᠡᠯᠲᠡ ᠲᠠᠢ ᠪᠣᠯᠪᠠ᠃ ᠡᠮᠦᠨᠡᠲᠦ ᠠᠹᠷᠢᠺᠠ ᠶᠢᠨ ᠡᠨᠡ ᠵᠢᠯ ᠤᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠠᠯᠳᠠᠨ ᠲᠣᠭᠤᠰᠭ᠋᠎ᠠ ᠤᠯᠤᠰ ᠤᠳ ᠤᠨ ᠦᠢᠯᠡᠰ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠠ᠃ ᠤᠷᠤᠰ ᠢᠷᠡᠬᠦ ᠵᠢᠯ ᠲᠡᠷᠢᠭᠦᠯᠡᠭᠴᠢ ᠤᠯᠤᠰ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠪᠤᠰᠤᠳ ᠪᠦᠷᠢᠯᠳᠦᠭᠦᠨ ᠲᠠᠢ ᠬᠠᠮᠲᠤ ᠪᠠᠷ ᠤᠷᠤᠰ ᠤᠨ ᠠᠵᠢᠯ ᠢ ᠲᠡᠮᠵᠢᠵᠤ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠰᠢᠨ᠎ᠡ ᠴᠠᠭ ᠦᠶ᠎ᠡ ᠶᠢ ᠡᠭᠦᠳᠦᠨ᠎ᠡ᠃    ᠲᠠ ᠣᠯᠠᠨ ᠳᠤ ᠪᠠᠶᠠᠷᠯᠠᠯ᠎ᠠ︕    ︵ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 21᠎ ᠤ ᠴᠠᠭᠢᠯᠭᠠᠨ ᠮᠡᠳᠡᠭᠡ︶
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号