ᠰᠢ ᠶᠢᠨ ᠫᠢᠩ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠣᠨᠴᠠᠭᠠᠢ ᠸᠢᠳᠢᠤ᠋ ᠶᠢᠨ ᠲᠦᠷᠦᠭᠦᠴᠦᠳ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/11/22
     ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 21᠎ ᠤ ᠴᠠᠭᠢᠯᠭᠠᠨ ᠮᠡᠳᠡᠭᠡ 11 ᠰᠠᠷ᠎ᠠ ᠶᠢᠨ 21᠎ ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠣᠨᠴᠠᠭᠠᠢ ᠸᠢᠳᠢᠤ᠋ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠲᠠᠶᠢᠠ ᠵᠣᠬᠰᠣᠬᠤ ᠶᠢ ᠠᠬᠢᠭᠤᠯᠵᠤ ᠥᠨᠢ ᠤᠳᠠᠭᠠᠨ ᠤ ᠡᠩᠬᠡ ᠲᠠᠶᠢᠪᠤᠩ ᠠᠮᠤᠷ ᠲᠦᠪᠰᠢᠨ ᠢ ᠪᠡᠶᠡᠯᠡᠭᠦᠯᠦᠶ᠎ᠡ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃
C:\Users\Administrator\Desktop\新闻照片\21.jpg
     11 ᠰᠠᠷ᠎ᠠ ᠶᠢᠨ 21᠎ ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠣᠨᠴᠠᠭᠠᠢ ᠸᠢᠳᠢᠤ᠋ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠲᠠᠶᠢᠠ ᠵᠣᠬᠰᠣᠬᠤ ᠶᠢ ᠠᠬᠢᠭᠤᠯᠵᠤ ᠥᠨᠢ ᠤᠳᠠᠭᠠᠨ ᠤ ᠡᠩᠬᠡ ᠲᠠᠶᠢᠪᠤᠩ ᠠᠮᠤᠷ ᠲᠦᠪᠰᠢᠨ ᠢ ᠪᠡᠶᠡᠯᠡᠭᠦᠯᠦᠶ᠎ᠡ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ     ᠰᠢ ᠶᠢᠨ ᠫᠢᠩ᠂ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠪᠣᠯ ᠠᠯᠳᠠᠨ ᠲᠣᠭᠤᠰᠭ᠋᠎ᠠ ᠤᠯᠤᠰ ᠤᠳ ᠤᠨ ᠪᠦᠷᠢᠯᠳᠦᠭᠦᠨ ᠢᠶᠠᠨ ᠥᠷᠭᠡᠳᠬᠡᠭᠰᠡᠨ ᠤ ᠳᠠᠷᠠᠭᠠᠬᠢ ᠠᠩᠬᠠᠳᠠᠭᠴᠢ ᠤᠳᠤᠷᠢᠳᠬᠤ ᠬᠥᠮᠥᠰ ᠤᠨ ᠠᠭᠤᠯᠵᠠᠯᠲᠠ ᠪᠣᠯᠣᠨ᠎ᠠ᠃ ᠣᠳᠣᠬᠠᠨ ᠤ ᠪᠠᠶᠢᠳᠠᠯ ᠳᠣᠣᠷ᠎ᠠ᠂ ᠠᠯᠳᠠᠨ ᠲᠣᠭᠤᠰᠭ᠋᠎ᠠ ᠤᠯᠤᠰ ᠤᠳ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠰᠢᠳᠤᠷᠭᠤ ᠶᠣᠰᠣᠨ ᠤ ᠲᠠᠭᠤᠨ᠂ ᠡᠩᠬᠡ ᠲᠠᠶᠢᠪᠤᠩ ᠤᠨ ᠲᠠᠭᠤᠨ ᠢ ᠴᠤᠤᠷᠢᠶᠠᠲᠤᠭᠤᠯᠤᠭᠰᠠᠨ ᠨᠢ ᠴᠠᠭ ᠲᠠᠭᠠᠨ ᠮᠠᠰᠢ ᠲᠣᠬᠢᠷᠠᠵᠤ᠂ ᠮᠠᠰᠢ ᠴᠢᠬᠤᠯᠠᠲᠠᠢ ᠶᠤᠮ᠃ ᠭᠠᠽᠠ ᠣᠷᠣᠨ ᠤ ᠮᠥᠷᠭᠦᠯᠳᠦᠭᠡᠨ ᠨᠢᠭᠡᠨᠲᠡ ᠰᠠᠷ᠎ᠠ ᠭᠠᠷᠤᠢ ᠦᠷᠭᠦᠯᠵᠢᠯᠡᠵᠦ᠂ ᠶᠡᠭᠡ ᠬᠡᠮᠵᠢᠶᠡᠨ ᠤ ᠡᠭᠡᠯ ᠠᠷᠠᠳ ᠤᠨ ᠠᠳᠡᠯ ᠰᠢᠷᠬᠠᠲᠤᠯ ᠪᠠ ᠬᠥᠮᠦᠯᠢᠭ ᠦᠵᠡᠯ ᠤᠨ ᠭᠠᠢ ᠭᠠᠮᠰᠢᠭ ᠢ ᠪᠤᠶ ᠪᠤᠯᠭᠠᠬᠰᠠᠨ ᠪᠥᠭᠡᠳ ᠭᠠᠳᠠᠭᠰᠢ ᠥᠷᠭᠡᠳᠬᠦ ᠬᠠᠨᠳᠤᠰᠢ ᠶᠡᠬᠡᠳᠴᠦ ᠪᠠᠶᠢᠨ᠎ᠠ᠂ ᠡᠭᠦᠨ ᠢ ᠳᠤᠮᠳᠠᠳᠤ ᠤᠯᠤᠰ ᠮᠠᠰᠢ ᠠᠩᠬᠠᠷᠴᠤ ᠪᠤᠢ᠃ ᠣᠳᠣᠬᠠᠨ ᠤ ᠪᠠᠴᠢᠮ ᠡᠭᠦᠷᠭᠡ ᠭᠡᠪᠡᠯ᠂ ᠨᠢᠭᠡ ᠳᠤ᠂ ᠮᠥᠷᠭᠦᠯᠳᠦᠭᠡᠨ ᠲᠠᠢ ᠡᠯ᠎ᠡ ᠲᠠᠯ᠎ᠠ ᠶᠢᠨ ᠬᠢᠨ ᠳᠠᠷᠤᠢ ᠲᠦᠷᠭᠡᠨ ᠲᠤᠯᠤᠯᠳᠤᠬᠤ ᠪᠠᠨ ᠵᠣᠭᠰᠣᠵᠤ᠂ ᠡᠭᠡᠯ ᠠᠷᠠᠳ ᠲᠤ ᠴᠢᠭᠯᠡᠭᠦᠯᠦᠭᠰᠡᠨ ᠠᠯᠢᠪᠠ ᠬᠦᠴᠦᠷᠬᠡᠭᠯᠡᠯ ᠪᠠ ᠳᠠᠭᠠᠷᠢᠯᠲᠠ ᠶᠢ ᠵᠣᠭᠰᠣᠭᠠᠵᠤ᠂ ᠬᠤᠷᠢᠵᠤ ᠪᠠᠶᠢᠭ᠎ᠠ ᠡᠭᠡᠯ ᠠᠷᠠᠳ ᠢ ᠰᠤᠯᠠᠯᠠᠵᠤ᠂ ᠨᠡᠩ ᠬᠦᠨᠳᠦ ᠨᠣᠴᠢᠲᠠᠢ ᠠᠮᠢ ᠨᠠᠰᠤᠨ ᠤ ᠠᠶᠤᠯ ᠵᠣᠪᠠᠯᠠᠩ ᠠᠮᠰᠠᠬᠤ ᠠᠴᠠ ᠵᠠᠶᠢᠯᠠᠰᠬᠢᠪᠡᠯ ᠵᠣᠬᠢᠨ᠎ᠠ᠃ ᠬᠤᠶᠠᠷ ᠲᠤ᠂ ᠬᠥᠮᠦᠯᠢᠭ ᠦᠵᠡᠯ ᠤᠨ ᠠᠪᠤᠷᠠᠨ ᠲᠤᠰᠠᠯᠠᠬᠤ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠽᠠ ᠶᠢᠨ ᠠᠷᠠᠳ ᠤᠯᠠᠨ ᠳᠤ ᠨᠡᠩ ᠤᠯᠠᠨ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ ᠠᠯᠪᠠᠳᠠᠯᠭ᠎ᠠ ᠪᠠᠷ ᠨᠡᠭᠦᠯᠭᠡᠬᠦ᠂ ᠤᠰᠤ ᠴᠠᠭᠢᠯᠭᠠᠨ ᠲᠣᠰᠣ ᠶᠢ ᠲᠠᠰᠤᠯᠬᠤ ᠵᠡᠷᠭᠡ ᠭᠠᠽᠠ ᠶᠢᠨ ᠠᠷᠠᠳ ᠤᠯᠠᠨ ᠳᠤ ᠴᠢᠭᠯᠡᠭᠦᠯᠦᠭᠰᠡᠨ ᠬᠠᠮᠲᠤ ᠶᠢᠨ ᠵᠠᠯᠬᠠᠭᠠᠯ ᠢ ᠵᠣᠭᠰᠤᠭᠠᠬᠤ ᠬᠡᠷᠡᠭᠲᠡᠢ᠃ ᠭᠤᠷᠪᠠ ᠳᠤ᠂ ᠳᠡᠯᠡᠬᠡᠢ ᠨᠡᠶᠢᠭᠡᠮ ᠢᠶᠠᠷ ᠢᠶᠠᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠮᠥᠷᠭᠦᠯᠳᠦᠭᠡᠨ ᠤ ᠥᠷᠭᠡᠵᠢᠵᠦ ᠪᠦᠭᠦ᠋ᠢᠯᠡ ᠳᠤᠮᠳᠠᠳᠤ ᠳᠣᠷᠣᠨᠠᠲᠤ ᠣᠷᠣᠨ ᠤ ᠲᠣᠭᠲᠠᠭᠤᠨ ᠪᠠᠶᠢᠳᠠᠯ ᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠪᠣᠯᠣᠨ ᠠᠶᠤᠯ ᠦᠭᠡᠢ ᠶᠢᠨ ᠵᠥᠪᠯᠡᠯ ᠤᠨ ᠬᠤᠯᠪᠣᠭᠳᠠᠯ ᠪᠦᠬᠦᠢ ᠰᠢᠢᠳᠪᠦᠷᠢ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠪᠠᠯ ᠵᠣᠬᠢᠨ᠎ᠠ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠫᠠᠯᠧᠰᠲ᠋ᠠᠶᠢᠨ ᠢᠰᠷᠧᠯ ᠤᠨ ᠪᠠᠶᠢᠳᠠᠯ ᠥᠨᠥᠳᠥᠷ ᠤᠨ ᠪᠠᠶᠢᠳᠠᠯ ᠳᠤ ᠭᠦᠷᠦᠭᠰᠡᠨ ᠤ ᠦᠨᠳᠦᠰᠦᠨ ᠰᠢᠯᠲᠠᠭᠠᠨ ᠨᠢ ᠫᠠᠯᠧᠰᠲ᠋ᠠᠶᠢᠨ ᠤ ᠠᠷᠠᠳ ᠲᠦᠮᠡᠨ ᠤ ᠤᠯᠤᠰ ᠪᠠᠶᠢᠭᠤᠯᠬᠤ ᠡᠷᠬᠡ᠂ ᠣᠷᠣᠰᠢᠨ ᠲᠣᠭᠲᠠᠨᠢᠬᠤ ᠡᠷᠬᠡ᠂ ᠪᠤᠴᠠᠵᠤ ᠢᠷᠡᠬᠦ ᠡᠷᠬᠡ ᠤᠷᠳᠤ ᠬᠤᠭᠤᠴᠠᠭ᠎ᠠ ᠪᠠᠷ ᠣᠶᠢᠰᠢᠶᠠᠭᠳᠠᠭᠰᠠᠨ ᠦᠭᠡᠢ ᠪᠠᠶᠢᠭᠰᠠᠨ ᠠᠴᠠ ᠪᠣᠯᠤᠭᠰᠠᠨ ᠶᠤᠮ᠃ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠪᠣᠯ ︽ᠬᠤᠶᠠᠷ ᠤᠯᠤᠰ ᠤᠨ ᠲᠥᠰᠥᠯ︾᠎ ᠢ ᠨᠠᠶᠢᠳᠠᠪᠤᠷᠢᠵᠢᠭᠤᠯᠵᠤ᠂ ᠫᠠᠯᠧᠰᠲ᠋ᠠᠶᠢᠨ ᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠰᠡᠷᠭᠦᠭᠡᠵᠦ᠂ ᠲᠤᠰᠠᠭᠠᠷ ᠲᠣᠭᠲᠠᠨᠢᠭᠰᠠᠨ ᠫᠠᠯᠧᠰᠲ᠋ᠠᠶᠢᠨ ᠤᠯᠤᠰ ᠢ ᠪᠠᠶᠢᠭᠤᠯᠬᠤ ᠶᠠᠪᠤᠳᠠᠯ ᠪᠣᠯᠣᠨ᠎ᠠ᠃ ᠫᠠᠯᠧᠰᠲ᠋ᠠᠶᠢᠨ ᠤ ᠠᠰᠠᠭᠤᠳᠠᠯ ᠢ ᠭᠤᠣᠯᠴᠢ ᠪᠠᠷ ᠰᠢᠢᠳᠪᠦᠷᠢᠯᠡᠬᠦ ᠦᠭᠡᠢ ᠪᠣᠯ ᠳᠤᠮᠳᠠᠳᠤ ᠳᠣᠷᠣᠨᠠᠲᠤ ᠳᠤ ᠥᠨᠢ ᠤᠳᠠᠭᠠᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠪᠠᠶᠢᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠬᠢᠨ ᠨᠡᠩ ᠡᠷᠬᠡ ᠰᠦᠷᠲᠦ ᠴᠢᠨᠠᠷᠲᠠᠢ ᠤᠯᠠᠨ ᠤᠯᠤᠰ ᠤᠨ ᠨᠠᠶᠢᠷᠠᠮᠳᠠᠯ ᠤᠨ ᠬᠤᠷᠠᠯ ᠢ ᠡᠷᠲᠡᠬᠡᠨ ᠬᠤᠷᠠᠯᠳᠤᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠠᠬᠢᠭᠤᠯᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠫᠠᠯᠧᠰᠲ᠋ᠠᠶᠢᠨ ᠤ ᠠᠰᠠᠭᠤᠳᠠᠯ ᠢ ᠡᠷᠲᠡᠬᠡᠨ ᠪᠦᠭᠦ ᠲᠠᠯ᠎ᠠ ᠪᠠᠷ᠂ ᠲᠥᠪ ᠭᠤᠣᠯᠴᠢ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠦ ᠶᠢ ᠠᠬᠢᠭᠤᠯᠬᠤ ᠶᠢ ᠤᠷᠢᠶᠠᠯᠠᠵᠤ ᠪᠠᠶᠢᠨ᠎ᠠ ᠭᠡᠵᠦ ᠴᠢᠬᠤᠯᠠᠴᠢᠯᠠᠪᠠ᠃
C:\Users\Administrator\Desktop\新闻照片\22.jpg
     11 ᠰᠠᠷ᠎ᠠ ᠶᠢᠨ 21᠎ ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠣᠨᠴᠠᠭᠠᠢ ᠸᠢᠳᠢᠤ᠋ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠲᠠᠶᠢᠠ ᠵᠣᠬᠰᠣᠬᠤ ᠶᠢ ᠠᠬᠢᠭᠤᠯᠵᠤ ᠥᠨᠢ ᠤᠳᠠᠭᠠᠨ ᠤ ᠡᠩᠬᠡ ᠲᠠᠶᠢᠪᠤᠩ ᠠᠮᠤᠷ ᠲᠦᠪᠰᠢᠨ ᠢ ᠪᠡᠶᠡᠯᠡᠭᠦᠯᠦᠶ᠎ᠡ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ     ᠰᠢ ᠶᠢᠨ ᠫᠢᠩ᠂ ᠲᠤᠰ ᠡᠭᠡᠯᠵᠢ ᠶᠢᠨ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠡᠭᠦᠰᠦᠭᠰᠡᠨ ᠠᠴᠠ ᠨᠠᠭᠠᠰᠢ᠂ ᠳᠤᠮᠳᠠᠳᠤ ᠤᠯᠤᠰ ᠢᠳᠡᠪᠬᠢᠲᠡᠢ ᠪᠠᠷ ᠡᠶᠡᠳᠡᠬᠦ ᠶᠢ ᠢᠳᠬᠠᠨ ᠬᠡᠯᠡᠯᠴᠡᠭᠡ ᠶᠢ ᠠᠬᠢᠭᠤᠯᠵᠤ᠂ ᠲᠠᠶᠢᠨ ᠵᠣᠬᠰᠣᠬᠤ ᠶᠢ ᠠᠬᠢᠭᠤᠯᠵᠤ᠂ ᠭᠠᠽᠠ ᠣᠷᠣᠨ ᠳᠤ ᠪᠠᠴᠢᠮ ᠬᠥᠮᠦᠯᠢᠭ ᠦᠵᠡᠯ ᠤᠨ ᠲᠤᠰᠠᠯᠠᠮᠵᠢ ᠬᠠᠩᠭᠠᠭᠰᠠᠨ ᠪᠥᠭᠡᠳ ᠭᠠᠽᠠ ᠶᠢᠨ ᠠᠷᠠᠳ ᠲᠦᠮᠡᠨ ᠤ ᠬᠡᠷᠡᠭᠴᠡᠭᠡ ᠶᠢ ᠦᠨᠳᠦᠰᠦᠯᠡᠵᠦ᠂ ᠦᠷᠭᠦᠯᠵᠢᠯᠡᠨ ᠡᠳ᠋ ᠪᠣᠳᠠᠰ ᠤᠨ ᠲᠤᠰᠠᠯᠠᠮᠵᠢ ᠬᠠᠩᠭᠠᠬᠤ ᠪᠣᠯᠣᠨ᠎ᠠ᠃ ᠳᠤᠮᠳᠠᠳᠤ ᠤᠯᠤᠰ ᠲᠤᠰ ᠰᠠᠷ᠎ᠠ ᠶᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ᠂ ᠠᠶᠤᠯ ᠦᠭᠡᠢ ᠶᠢᠨ ᠵᠥᠪᠯᠡᠯ ᠤᠨ ᠬᠤᠯᠪᠣᠭᠳᠠᠯ ᠪᠦᠬᠦᠢ ᠰᠢᠢᠳᠪᠦᠷᠢ ᠶᠢ ᠪᠠᠲᠤᠯᠠᠬᠤ ᠶᠢ ᠠᠬᠢᠭᠤᠯᠵᠤ᠂ ᠬᠥᠮᠦᠯᠢᠭ ᠦᠵᠡᠯ ᠤᠨ ᠲᠠᠶᠢᠨ ᠢ ᠲᠦᠷ ᠵᠣᠭᠰᠤᠭᠠᠬᠤ ᠪᠠ ᠬᠥᠮᠦᠯᠢᠭ ᠦᠵᠡᠯ ᠤᠨ ᠬᠤᠩᠭᠢᠯ ᠤᠨ ᠬᠤᠭᠤᠴᠠᠭ᠎ᠠ ᠶᠢ ᠤᠷᠲᠤᠳᠬᠠᠬᠤ᠂ ᠡᠭᠡᠯ ᠠᠷᠠᠳ ᠢ ᠬᠠᠮᠠᠭᠠᠯᠠᠬᠤ᠂ ᠬᠥᠮᠦᠯᠢᠭ ᠦᠵᠡᠯ ᠤᠨ ᠲᠤᠰᠠᠯᠠᠮᠵᠢ ᠦᠵᠡᠭᠦᠯᠭᠦ ᠵᠡᠷᠭᠡ ᠶᠢ ᠱᠠᠭᠠᠷᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠬᠤ ᠴᠢᠬᠤᠯᠠ ᠲᠠᠪᠴᠠᠩ ᠪᠣᠯᠣᠨ᠎ᠠ᠃ ᠥᠨᠥᠳᠥᠷ᠂ ᠪᠢᠳᠠ ᠫᠠᠯᠧᠰᠲ᠋ᠠᠶᠢᠨ ᠢᠰᠷᠧᠯ ᠤᠨ ᠠᠰᠠᠭᠤᠳᠠᠯ ᠢᠶᠠᠷ ᠵᠣᠭᠰᠣᠯᠲᠠ ᠪᠠᠨ ᠵᠣᠬᠢᠴᠠᠭᠤᠯᠵᠤ᠂ ᠠᠵᠢᠯᠯᠠᠭ᠎ᠠ ᠠᠪᠴᠤ᠂ ᠪᠦᠷᠢᠯᠳᠦᠭᠦᠨ ᠢᠶᠠᠨ ᠥᠷᠭᠡᠳᠬᠡᠭᠰᠡᠨ ᠤ ᠳᠠᠷᠠᠭᠠᠬᠢ ︽ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾᠎ ᠶᠢ ᠰᠠᠶᠢᠨ ᠡᠭᠢᠯᠡᠯᠲᠡ ᠲᠠᠢ ᠪᠣᠯᠭᠠᠪᠠ᠃ ᠳᠤᠮᠳᠠᠳᠤ ᠤᠯᠤᠰ ᠳᠤᠷᠠᠲᠠᠶ᠎ᠠ ᠪᠤᠰᠤᠳ ᠪᠦᠷᠢᠯᠳᠦᠭᠦᠨ ᠲᠠᠢ ᠬᠠᠮᠲᠤ ᠪᠠᠷ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠰᠢᠨ᠎ᠡ ᠴᠠᠭ ᠦᠶ᠎ᠡ ᠶᠢ ᠡᠭᠦᠳᠦᠨ᠎ᠡ ᠭᠡᠵᠦ ᠴᠢᠬᠤᠯᠠᠴᠢᠯᠠᠪᠠ᠃     ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠦᠷᠦᠭᠦᠴᠦᠳ ᠤᠨ ᠬᠤᠷᠠᠯ ᠢ ᠡᠷᠭᠢᠯᠡᠵᠦ᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠰᠠᠦ᠋ᠳᠢ ᠠᠷᠠᠪ ᠤᠨ ᠸᠠᠩ ᠤᠨ ᠵᠠᠯᠭᠠᠮᠵᠢᠯᠠᠭᠴᠢ ᠮᠦᠬᠠᠨᠮᠦ᠋ᠳ᠋᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠢᠷᠠᠨ ᠤ ᠶᠡᠷᠦᠩᠬᠡᠶᠢᠯᠡᠭᠴᠢ ᠯᠠᠶᠢᠰᠢ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ ᠮᠦᠬᠠᠨᠮᠦ᠋ᠳ᠋᠂ ᠡᠸ᠋ᠽᠢᠤᠫᠢᠶ᠎ᠠ ᠶᠢᠨ ᠶᠡᠷᠦᠩᠬᠡᠢ ᠰᠠᠶᠢᠳ ᠠᠪᠢ ᠵᠢᠴᠢ ᠡᠨᠡᠳᠬᠡᠭ᠂ ᠠᠷᠭᠧᠨ᠋ᠲ᠋ᠢᠨ ᠤ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠬᠤᠷᠠᠯ ᠳᠤ ᠣᠷᠣᠯᠴᠠᠵᠠᠢ᠃     ᠬᠤᠷᠠᠯ ᠳᠤ ᠣᠷᠣᠯᠴᠠᠬᠰᠠᠨ ᠤᠳᠤᠷᠢᠳᠬᠤ ᠬᠥᠮᠥᠰ ᠫᠠᠯᠧᠰᠲ᠋ᠠᠶᠢᠨ ᠢᠰᠷᠧᠯ ᠤᠨ ᠪᠠᠶᠢᠳᠠᠯ ᠢ ᠬᠦᠨᠳᠦ ᠨᠣᠴᠢᠲᠠᠢ ᠠᠩᠬᠠᠷᠴᠤ ᠪᠠᠶᠢᠬᠤ ᠪᠠᠨ ᠢᠯᠡᠳᠬᠡᠵᠦ᠂ ᠡᠭᠡᠯ ᠠᠷᠠᠳ ᠲᠤ ᠴᠢᠭᠯᠡᠭᠦᠯᠦᠭᠰᠡᠨ ᠠᠯᠢᠪᠠ ᠬᠦᠴᠦᠷᠬᠡᠭᠯᠡᠯ ᠤᠨ ᠠᠵᠢᠯᠯᠠᠭ᠎ᠠ ᠶᠢ ᠵᠢᠮᠡᠯᠡᠨ ᠪᠤᠷᠤᠭᠤᠰᠢᠶᠠᠵᠤ᠂ ᠡᠷᠬᠡᠪᠰᠢ ᠤᠯᠠᠨ ᠤᠯᠤᠰ ᠤᠨ ᠬᠥᠮᠦᠯᠢᠭ ᠬᠠᠤᠯᠢ ᠶᠢᠨ ᠶᠣᠰᠣᠭᠠᠷ ᠡᠭᠡᠯ ᠠᠷᠠᠳ ᠢ ᠬᠠᠮᠠᠭᠠᠯᠠᠵᠤ᠂ ᠤᠳᠠᠭᠠᠨ ᠳᠠᠭᠠᠭᠠᠮᠠᠭᠠᠢ ᠪᠥᠭᠡᠳ ᠦᠷᠭᠦᠯᠵᠢᠯᠡᠬᠦ ᠬᠥᠮᠦᠯᠢᠭ ᠦᠵᠡᠯ ᠤᠨ ᠲᠠᠶᠢᠨ ᠢ ᠳᠠᠷᠦ᠋ᠢᠬᠠᠨ ᠵᠣᠭᠰᠣᠭᠠᠵᠤ᠂ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ ᠶᠠᠷᠢᠯᠴᠠᠭ᠎ᠠ ᠪᠠᠷ ᠳᠠᠮᠵᠢᠨ ᠮᠠᠷᠭᠤᠭᠠᠨ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ ᠤᠳᠤᠷᠢᠳᠬᠤ ᠬᠥᠮᠥᠰ ᠳᠡᠯᠡᠬᠡᠢ ᠨᠡᠶᠢᠭᠡᠮ ᠢᠶᠠᠷ ᠢᠶᠠᠨ ᠫᠠᠯᠧᠰᠲ᠋ᠠᠶᠢᠨ ᠤ ᠠᠰᠠᠭᠤᠳᠠᠯ ᠢ ᠲᠥᠪ ᠭᠤᠣᠯᠴᠢ ᠪᠠᠷ ᠰᠢᠢᠳᠪᠦᠷᠢᠯᠡᠬᠦ ᠶᠢ ᠳᠡᠮᠵᠢᠵᠦ᠂ ︽ᠬᠤᠶᠠᠷ ᠤᠯᠤᠰ ᠤᠨ ᠲᠥᠰᠥᠯ︾᠎ ᠢ ᠪᠡᠶᠡᠯᠡᠭᠦᠯᠬᠦ ᠶᠢ ᠠᠬᠢᠭᠤᠯᠵᠤ᠂ ᠪᠦᠷᠢᠨ ᠪᠦᠲᠦᠨ ᠡᠷᠬᠡ ᠮᠡᠳᠡᠯ ᠲᠠᠢ᠂ ᠲᠤᠰᠠᠭᠠᠷ ᠲᠣᠭᠲᠠᠨᠢᠭᠰᠠᠨ ᠫᠠᠯᠧᠰᠲ᠋ᠠᠶᠢᠨ ᠤᠯᠤᠰ ᠢ ᠪᠠᠶᠢᠭᠤᠯᠬᠤ ᠶᠢ ᠤᠷᠢᠶᠠᠯᠠᠪᠠ᠃     ᠼᠠᠢ ᠴᠢ᠂ ᠸᠠᠩ ᠢ ᠨᠠᠷ ᠲᠦᠷᠦᠭᠦᠴᠦᠳ ᠤᠨ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号