ᠵᠢᠦ ᠶᠤᠸᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ 2023 ᠣᠨ ᠤ ᠳᠡᠯᠡᠬᠡᠶ ᠶᠢᠨ ᠰᠢᠬᠢᠷ ᠰᠢᠵᠢᠩ ᠡᠪᠡᠳᠴᠢᠨ ᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/24
C:\Users\Administrator\Desktop\新闻照片\15.jpg
    11 ᠰᠠᠷ᠎ᠠ ᠶᠢᠨ 14᠎ ᠤ ᠡᠳᠦᠷ ᠪᠣᠯ 17 ᠳ᠋ᠤᠭᠠᠷ ᠳᠡᠯᠡᠬᠡᠢ ᠶᠢᠨ ᠰᠢᠬᠢᠷ ᠰᠢᠵᠢᠩ ᠡᠪᠡᠳᠴᠢᠨ ᠤ ᠡᠳᠦᠷ ᠪᠣᠯᠤᠨ᠎ᠠ᠂ ᠵᠢᠤ ᠶᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠸᠠᠨ ᠳ᠋ᠠ ᠭᠡᠷ ᠬᠤᠷᠢᠶᠠᠯᠠᠯ ᠲᠠᠢ ᠬᠠᠮᠲᠤᠷᠠᠨ ︽ᠤᠳᠠᠭᠠᠨ ᠴᠢᠨᠠᠷᠲᠠᠢ ᠡᠪᠡᠳᠴᠢᠨ ᠤ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ — ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠬᠦ︾ ᠡᠷᠡᠭᠦᠯ ᠮᠡᠨᠳᠦ ᠶᠢᠨ ᠲᠠᠶᠢᠯᠤᠮᠵᠢ ᠬᠢᠪᠡ᠃    ᠲᠣᠰ ᠤᠳᠠᠭᠠᠨ ᠤ ᠲᠠᠶᠢᠯᠤᠮᠵᠢ ᠶᠢ ᠵᠢᠦ ᠶᠤᠸᠠᠨ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭᠠᠨ ᠤ ᠡᠷᠬᠢᠯᠡᠭᠴᠢ ᠯᠢᠦ ᠾᠦᠢ ᠵᠢᠶᠦ᠋ᠨ ᠶᠠᠷᠢᠬᠤ ᠳᠠᠭᠠᠨ᠂ ︽ᠠᠶᠤᠯ ᠲᠦᠭᠰᠢᠭᠦᠷᠢ ᠶᠢ ᠣᠶᠢᠯᠠᠭᠠᠵᠤ᠂ ᠠᠷᠭᠠᠴᠠᠬᠤ ᠶᠢ ᠣᠶᠢᠯᠠᠭᠠᠬᠤ︾ ᠭᠤᠤᠯ ᠰᠡᠳᠦᠪ ᠤᠨ ᠲᠣᠭᠤᠷᠢᠨ ᠳᠤ᠂ ᠰᠢᠬᠢᠷ ᠰᠢᠵᠢᠩ ᠡᠪᠡᠳᠴᠢᠨ ᠤ ᠰᠢᠯᠲᠠᠭᠠᠨ᠂ ᠡᠮᠴᠢᠯᠡᠭᠡᠨ ᠤ ᠢᠯᠡᠷᠡᠯ ᠵᠢᠴᠢ ᠣᠨᠣᠰᠢᠯᠠᠬᠤ ᠪᠠᠷᠢᠮᠵᠢᠶ᠎ᠠ ᠶᠢ ᠣᠯᠠᠨ ᠳᠤ ᠨᠠᠷᠢᠨ ᠲᠠᠶᠢᠯᠪᠤᠷᠢᠯᠠᠵᠤ᠂ ᠰᠢᠬᠢᠷ ᠰᠢᠵᠢᠩ ᠡᠪᠡᠳᠴᠢᠨ ᠢ ᠬᠡᠷᠬᠢᠨ ᠤᠷᠢᠳᠴᠢᠯᠠᠨ ᠰᠡᠷᠭᠡᠶᠢᠯᠡᠵᠦ᠂ ᠰᠠᠭᠤᠭᠠᠯᠢ ᠠᠷᠠᠳ ᠲᠤ ᠰᠢᠨᠵᠢᠯᠡᠬᠦ ᠤᠬᠠᠭᠠᠨᠴᠢ᠂ ᠪᠦᠲᠦᠮᠵᠢᠲᠡᠶ ᠰᠠᠨᠠᠭᠤᠯᠭ᠎ᠠ ᠬᠠᠩᠭᠠᠭᠰᠠᠨ ᠪᠠᠶᠢᠨ᠎ᠠ᠃    ᠲᠤᠬᠠᠶ ᠶᠢᠨ ᠲᠠᠯᠠᠪᠤᠷ ᠲᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯ ᠮᠡᠳᠡᠯᠭᠡ ᠶᠢᠨ ᠤᠬᠠᠭᠤᠯᠭ᠎ᠠ ᠶᠢᠨ ᠴᠢᠬᠤᠯᠠ ᠮᠠᠲ᠋ᠧᠷᠢᠶᠠᠯ ᠢ ᠨᠡᠶᠢᠲᠡ 30 ᠭᠠᠷᠤᠶ ᠬᠤᠪᠢ ᠲᠠᠷᠬᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠤᠨ ᠴᠠᠭᠠᠰᠤ᠂ ᠠᠯᠴᠢᠭᠤᠷ 60 ᠭᠠᠷᠤᠶ ᠬᠤᠪᠢ ᠬᠠᠰᠤᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠤᠨ ᠯᠠᠪᠯᠠᠯᠲᠠ ᠶᠢ 20 ᠭᠠᠷᠤᠶ ᠬᠥᠮᠦᠨ ᠤᠳᠠᠭ᠎ᠠ ᠬᠦᠯᠢᠶᠡᠨ ᠠᠪᠴᠤ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠥᠷᠭᠡᠨ ᠣᠯᠠᠨ ᠰᠠᠭᠤᠭᠠᠯᠢ ᠠᠷᠠᠳ ᠤᠨ ᠰᠢᠬᠢᠷ ᠰᠢᠵᠢᠩ ᠡᠪᠡᠳᠴᠢᠨ ᠤ ᠲᠤᠬᠠᠶ ᠮᠡᠳᠡᠯᠭᠡ ᠶᠢᠨ ᠲᠠᠨᠢᠯᠲᠠ ᠶᠢ ᠦᠨᠡᠨ ᠬᠦ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ᠂ ᠰᠢᠬᠢᠷ ᠰᠢᠵᠢᠩ ᠡᠪᠡᠳᠴᠢᠨ ᠢ ᠰᠡᠷᠭᠡᠶᠢᠯᠡᠬᠦ ᠳᠤ ᠣᠷᠣᠯᠴᠠᠬᠤ ᠶᠢ ᠠᠬᠢᠭᠤᠯᠵᠤ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢ ᠰᠣᠩᠭᠤᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号