ᠨᠢᠳᠦᠨ ᠤ ᠡᠮᠨᠡᠯᠭᠡ ᠶᠢᠨ ᠵᠢᠷᠤᠮ ᠤᠨ ᠡᠮᠴᠢᠯᠡᠭᠡ ᠭᠡᠷ ᠬᠤᠷᠢᠶᠠᠯᠠᠯ ᠳᠤ ᠣᠷᠣᠵᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/11/24
C:\Users\Administrator\Desktop\新闻照片\9.jpg
    ᠨᠢᠳᠦ ᠪᠣᠯ ᠰᠡᠳᠬᠢᠯ ᠤᠨ ᠴᠣᠩᠬᠤ᠂ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠪᠣᠯ ᠬᠥᠮᠦᠨ ᠪᠣᠯᠭᠠᠨ ᠤ ︽ᠵᠠᠪᠠᠯ ᠰᠤᠷᠬᠤ ᠬᠢᠴᠢᠶᠡᠯ︾ ᠪᠣᠯᠤᠨ᠎ᠠ᠃ ᠨᠢᠳᠦᠨ ᠤ ᠰᠠᠯᠠᠭᠠᠨ ᠤ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠥᠷᠭᠡᠨ ᠣᠯᠠᠨ ᠰᠠᠭᠤᠭᠠᠯᠢ ᠠᠷᠠᠳ ᠢ ᠨᠢᠳᠦᠨ ᠤ ᠡᠷᠡᠭᠦᠯ ᠮᠡᠨᠳᠦ ᠶᠢ ᠠᠩᠬᠠᠷᠴᠤ᠂ ᠨᠢᠳᠦ ᠪᠠᠨ ᠬᠠᠶᠢᠷᠠᠯᠠᠬᠤ᠂ ᠨᠢᠳᠦ ᠪᠠᠨ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠶᠢ ᠤᠷᠢᠶᠠᠯᠠᠬᠤ ᠶᠢᠨ ᠲᠥᠯᠥᠭᠡ᠂ 11 ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ᠂ ᠵᠢᠩ ᠹᠦ᠋  ᠭᠡᠷ ᠬᠤᠷᠢᠶᠠᠯᠠᠯ ᠪᠤᠭᠤᠲᠤ ᠬᠤᠲᠠ ᠶᠢᠨ ᠴᠤᠤ ᠵᠢᠤᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ ᠡᠮᠴᠢ ᠲᠠᠢ ᠬᠠᠮᠲᠤᠷᠠᠨ ︽ᠨᠢᠳᠦᠨ ᠤ ᠰᠠᠯᠠᠭᠠᠨ ᠤ ᠵᠢᠷᠤᠮ ᠤᠨ ᠡᠮᠴᠢᠯᠡᠭᠡ ᠭᠡᠷ ᠬᠤᠷᠢᠶᠠᠯᠠᠯ ᠳᠤ ᠬᠦᠷᠴᠦ ᠠᠷᠠᠳ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠪᠡ᠃
C:\Users\Administrator\Desktop\新闻照片\10.jpg
    ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠤᠷ ᠲᠤ᠂ ᠡᠮᠴᠢ ᠠᠴᠠ ᠰᠠᠭᠤᠭᠠᠯᠢ ᠠᠷᠠᠳ ᠲᠤ ᠴᠠᠭᠠᠨ ᠬᠠᠷᠠᠩ᠂ ᠴᠡᠩᠬᠡᠷ ᠬᠠᠷᠠᠩ ᠵᠡᠷᠭᠡ ᠨᠢᠳᠦᠨ ᠤ ᠰᠠᠯᠠᠭᠠᠨ ᠤ ᠡᠪᠡᠳᠴᠢᠨ ᠤ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠨᠢᠳᠦᠨ ᠤ ᠬᠡᠰᠡᠭ ᠤᠨ ᠡᠳᠦᠷ ᠲᠤᠲᠤᠮ ᠤᠨ ᠡᠷᠡᠭᠦᠯᠵᠢᠯ ᠤᠨ ᠲᠤᠬᠠᠶ ᠣᠯᠠᠨ ᠤ ᠠᠰᠠᠭᠤᠳᠠᠯ ᠳᠤ ᠬᠠᠷᠢᠭᠤᠯᠲᠠ ᠥᠭᠴᠦ᠂ ᠣᠯᠠᠨ ᠢ ᠵᠢᠯᠣᠭᠤᠳᠤᠨ ᠬᠠᠷᠠᠭᠠᠨ ᠤ ᠡᠷᠡᠭᠦᠯ ᠮᠡᠨᠳᠦ ᠳᠤ ᠠᠩᠬᠠᠷᠤᠯ ᠢᠶᠠᠨ ᠬᠠᠨᠳᠤᠭᠤᠯᠵᠤ᠂ ᠨᠢᠳᠦᠨ ᠤ ᠰᠠᠯᠠᠭᠠᠨ ᠤ ᠡᠪᠡᠳᠴᠢᠨ ᠢ ᠡᠷᠲᠡ ᠢᠯᠡᠷᠡᠭᠦᠯᠵᠦ ᠡᠷᠲᠡ ᠡᠮᠨᠡᠨ ᠵᠠᠰᠠᠬᠤ ᠶᠢ ᠪᠡᠶᠡᠯᠡᠭᠦᠯᠪᠡ᠃ ᠪᠠᠰᠠ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠᠷ ᠬᠠᠷᠠᠭᠠᠨ ᠤ ᠪᠠᠶᠢᠴᠠᠭᠠᠯᠲᠠ ᠬᠢᠵᠦ᠂ ᠡᠪᠡᠳᠴᠢᠨ ᠤ ᠪᠠᠶᠢᠳᠠᠯ ᠢ ᠬᠦᠯᠢᠴᠡᠩᠭᠦᠶ ᠪᠠᠷ ᠵᠠᠳᠠᠯᠵᠤ᠂ ᠨᠢᠳᠦᠨ ᠤ ᠡᠷᠡᠭᠦᠯ ᠮᠡᠨᠳᠦ ᠶᠢᠨ ᠠᠩᠬᠠᠷᠬᠤ ᠵᠦᠢᠯ ᠢ ᠨᠠᠷᠢᠨ ᠨᠢᠭᠲᠠ ᠲᠠᠶᠢᠯᠪᠤᠷᠢᠯᠠᠨ᠎ᠠ᠃
C:\Users\Administrator\Desktop\新闻照片\11.jpg
    ᠲᠠᠷᠠᠭᠠᠴᠢ ᠶᠢᠨ ᠠᠯᠬᠤᠮ ᠳᠤ᠂ ᠵᠢᠩ ᠹᠦ᠋ ᠭᠡᠷ ᠬᠤᠷᠢᠶᠠᠯᠠᠯ ᠤᠨ ᠬᠢᠨ ᠦᠷᠭᠦᠯᠵᠢᠯᠡᠨ ᠡᠯ᠎ᠡ ᠵᠦᠢᠯ ᠤᠨ ᠡᠷᠡᠭᠦᠯ ᠮᠡᠨᠳᠦ ᠶᠢᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠤᠨ ᠬᠡᠷ ᠤᠨ ᠡᠭᠦᠳᠡᠨ ᠳᠤ ᠳᠥᠭᠦᠮ ᠳᠥᠲᠡ ᠪᠥᠭᠡᠳ ᠪᠦᠷᠢᠨ ᠭᠦᠢᠴᠡᠳ ᠡᠷᠡᠭᠦᠯ ᠮᠡᠨᠳᠦ ᠶᠢᠨ  ᠦᠢᠯᠡᠴᠢᠯᠡᠭᠡ ᠶᠢ ᠡᠳ᠋ᠯᠡᠭᠦᠯᠦᠨ᠎ᠡ᠃ ᠡᠭᠦᠨ ᠤ ᠵᠡᠷᠭᠡᠴᠡᠭᠡᠪᠡᠷ ᠰᠠᠭᠤᠭᠠᠯᠢ ᠠᠷᠠᠳ ᠯᠤᠭ᠎ᠠ ᠶᠢᠨ ᠬᠤᠷᠰᠢᠯᠴᠠᠭ᠎ᠠ ᠪᠠᠨ ᠢᠳᠡᠪᠬᠢᠲᠡᠶ ᠪᠠᠷ ᠴᠢᠩᠭᠠᠳᠬᠠᠵᠤ᠂ ᠰᠠᠭᠤᠭᠠᠯᠢ ᠠᠷᠠᠳ ᠤᠨ ᠭᠡᠷ ᠬᠤᠷᠢᠶᠠᠯᠠᠯ ᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠵᠦ᠂ ᠪᠣᠯᠪᠠᠰᠤᠨ ᠡᠶ᠎ᠡ ᠵᠣᠬᠢᠴᠠᠯ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号