ᠰᠢ ᠶᠢᠨ ᠫᠢᠩ ᠦᠷᠦ᠋ᠭᠤᠸᠠᠢ ᠶᠢᠨ ᠶᠡᠷᠦᠩᠬᠡᠶᠢᠯᠡᠭᠴᠢ ᠯᠠᠺᠠᠯᠢᠶᠧ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/11/24
     ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 22᠎ ᠤᠨ ᠴᠠᠭᠢᠯᠭᠠᠨ ᠮᠡᠳᠡᠭᠡ 11 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠦᠷᠦ᠋ᠭᠤᠸᠠᠢ ᠶᠢᠨ ᠶᠡᠷᠦᠩᠬᠡᠶᠢᠯᠡᠭᠴᠢ ᠯᠠᠺᠠᠯᠢᠶᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃
C:\Users\Administrator\Desktop\新闻照片\6383641859088006358671602.jpg
     11 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠦᠷᠦ᠋ᠭᠤᠸᠠᠢ ᠶᠢᠨ ᠶᠡᠷᠦᠩᠬᠡᠶᠢᠯᠡᠭᠴᠢ ᠯᠠᠺᠠᠯᠢᠶᠧ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠺᠠᠯᠢᠶᠧ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ     ᠰᠢ ᠶᠢᠨ ᠫᠢᠩ᠂ 2023 ᠣᠨ ᠪᠣᠯ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠤᠢ ᠪᠠ ᠦᠷᠦ᠋ᠭᠤᠸᠠᠢ ᠶᠢᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠣᠷᠣᠯᠴᠠᠬᠰᠠᠨ 5 ᠵᠢᠯ ᠤᠨ ᠤᠢ ᠪᠣᠯᠣᠨ᠎ᠠ᠃ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠢᠮᠠᠭᠲᠠ ᠪᠠᠷᠢᠮᠲᠠᠯᠠᠵᠤ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠨ ᠬᠥᠭᠵᠢᠪᠡ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠬᠤᠶᠠᠷ ᠤᠯᠤᠰ ᠢᠶᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠬᠢᠯ ᠨᠢᠭᠡᠳᠦᠨ ᠬᠢᠵᠢᠭ ᠢ ᠡᠰᠡᠷᠭᠦᠴᠡᠵᠦ᠂ ᠳᠤᠮᠳᠠᠳᠤ ᠦᠷᠦ᠋ᠭᠤᠸᠠᠢ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠭᠰᠢᠯᠡᠭᠦᠯᠵᠡᠢ᠃ ᠳᠤᠮᠳᠠᠳᠤ ᠤᠯᠤᠰ ᠳᠤᠷᠠᠲᠠᠶ᠎ᠠ ᠦᠷᠦ᠋ᠭᠤᠸᠠᠢ ᠶᠢᠨ ᠬᠢᠨ ᠲᠠᠢ ᠬᠠᠮᠲᠤ ᠪᠠᠷ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠰᠢᠨ᠎ᠡ ᠭᠠᠷᠤᠭ᠎ᠠ ᠰᠢᠨ᠎ᠡ ᠪᠠᠶᠢᠷᠢᠰᠢᠯ ᠪᠤᠯᠭᠠᠵᠤ᠂ ᠬᠤᠶᠠᠷ ᠲᠠᠯ᠎ᠠ ᠶᠢᠨ ᠬᠠᠷᠢᠯᠴᠠᠭᠠᠨ ᠤ ᠲᠦᠪᠰᠢᠨ ᠢ ᠳᠡᠭᠡᠭᠰᠢᠯᠡᠭᠦᠯᠵᠦ᠂ ᠬᠤᠶᠠᠷ ᠤᠯᠤᠰ ᠤᠨ ᠬᠠᠮᠲᠤᠷᠠᠯᠴᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢ ᠠᠳᠠᠯᠢ ᠪᠤᠰᠤ ᠪᠠᠭᠲᠠᠭᠠᠮᠵᠢ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠰᠣᠶᠣᠯ ᠪᠦᠬᠦᠢ ᠤᠯᠤᠰ ᠤᠨ ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠤᠯᠭᠠᠵᠤ᠂ ᠥᠪᠡᠷ ᠥᠪᠡᠷ ᠤᠨ ᠤᠯᠤᠰ ᠤᠨ ᠢᠶᠠᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ ᠭᠡᠵᠦ ᠵᠢᠭᠠᠵᠤ ᠭᠠᠷᠭᠠᠪᠠ᠃     ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠤᠭᠳᠠᠬᠤᠨ ᠪᠠ ᠠᠴᠢ ᠬᠤᠯᠪᠣᠭᠳᠠᠯ ᠢ ᠲᠠᠨᠢᠯᠴᠠᠭᠤᠯᠵᠤ᠂ ᠳᠤᠮᠳᠠᠳᠤ ᠤᠯᠤᠰ ᠳᠤᠷᠠᠲᠠᠶ᠎ᠠ ᠦᠷᠦ᠋ᠭᠤᠸᠠᠢ ᠶᠢᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠣᠯᠢᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠥᠪᠡᠷ ᠥᠪᠡᠷ ᠤᠨ ᠤᠯᠤᠰ ᠤᠨ ᠢᠶᠠᠨ ᠣᠳᠣᠬᠢᠴᠢᠯᠠᠯᠲᠠ ᠪᠠ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠣᠷᠣᠨ ᠨᠤᠲᠤᠭ ᠤᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠨᠢᠭᠲᠠᠷᠠᠭᠤᠯᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠳᠤ ᠭᠠᠷ ᠤᠨ ᠦᠰᠦᠭ ᠵᠢᠷᠤᠬᠤ ᠪᠠᠷ ᠠᠵᠠ ᠲᠣᠭᠢᠶᠠᠯ ᠪᠤᠯᠭᠠᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠠᠷᠠᠯᠵᠢᠶ᠎ᠠ᠂ ᠲᠣᠭᠠᠴᠢᠯᠠᠭᠰᠠᠨ ᠠᠵᠤ ᠠᠬᠤᠢ᠂ ᠴᠡᠪᠡᠷ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭᠠᠨ ᠤ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠳᠤᠮᠳᠠᠳᠤ ᠦᠷᠦ᠋ᠭᠤᠸᠠᠢ ᠶᠢᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠤᠶ᠎ᠠ᠃ ᠦᠷᠦ᠋ᠭᠤᠸᠠᠢ ᠶᠢᠨ ᠨᠡᠩ ᠤᠯᠠᠨ ᠴᠢᠨᠠᠷ ᠰᠠᠶᠢᠲᠠᠢ ᠮᠠᠯ ᠠᠵᠤ ᠠᠬᠤᠢ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠥᠨᠳᠥᠷ ᠨᠡᠮᠡᠯᠲᠡ ᠦᠷᠳᠡᠭ ᠲᠠᠢ ᠪᠦᠲᠦᠭᠡᠭᠳᠡᠬᠦᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠦᠷᠦ᠋ᠭᠤᠸᠠᠢ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠦᠷᠦ᠋ᠭᠤᠸᠠᠢ ᠶᠢᠨ ᠬᠢᠨ ᠦᠷᠭᠦᠯᠵᠢᠯᠡᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠰᠣᠶᠣᠯ᠂ ᠪᠡᠶ᠎ᠡ ᠶᠢᠨ ᠲᠠᠮᠢᠷ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ ᠬᠤᠶᠠᠷ ᠤᠯᠤᠰ ᠤᠨ ᠬᠥᠮᠥᠨ ᠬᠠᠷ᠎ᠠ ᠶᠢᠨ ᠶᠠᠪᠤᠯᠴᠠᠭ᠎ᠠ ᠳᠤ ᠨᠡᠩ ᠤᠯᠠᠨ ᠲᠦᠭᠦᠮ ᠨᠥᠬᠦᠴᠡᠯ ᠪᠦᠷᠢᠯᠳᠦᠭᠦᠯᠵᠦ ᠥᠭᠭᠦᠶ᠎ᠠ᠂ ᠳᠤᠮᠳᠠᠳᠤ ᠤᠯᠤᠰ ᠳᠤᠷᠠᠲᠠᠶ᠎ᠠ ᠦᠷᠦ᠋ᠭᠤᠸᠠᠢ ᠳᠤ ᠨᠡᠩ ᠤᠯᠠᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠬᠠᠩᠭᠠᠨ᠎ᠠ ᠭᠡᠵᠦ ᠢᠯᠡᠳᠬᠡᠪᠡ᠃     ᠰᠢ ᠶᠢᠨ ᠫᠢᠩ᠂ ᠳᠤᠮᠳᠠᠳᠤ ᠦᠷᠦ᠋ᠭᠤᠸᠠᠢ ᠶᠢᠨ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ ᠠᠰᠠᠭᠤᠳᠠᠯ ᠤᠨ ᠲᠠᠯ᠎ᠠ ᠪᠠᠷ ᠬᠢ ᠣᠶᠢᠯᠠᠭᠠᠭᠳᠠᠬᠤᠨ ᠠᠳᠠᠯᠢᠪᠲᠤᠷ ᠪᠠᠶᠢᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠬᠠᠮᠲᠤ ᠶᠢᠨ ᠠᠰᠢᠭ ᠲᠤᠰᠠ ᠲᠠᠢ ᠶᠤᠮ᠂ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠳᠡᠯᠡᠬᠡᠢ ᠶᠢᠷᠲᠢᠨᠴᠦ ᠶᠢ ᠨᠡᠩ ᠡᠩᠬᠡ ᠲᠠᠶᠢᠪᠤᠩ᠂ ᠬᠥᠭᠵᠢᠯ ᠴᠡᠴᠡᠭᠯᠡᠯ᠂ ᠲᠥᠪ ᠭᠤᠣᠯᠴᠢ ᠪᠤᠯᠭᠠᠬᠤ ᠶᠢᠨ ᠲᠥᠯᠥᠭᠡ ᠬᠠᠮᠲᠤ ᠪᠠᠷ ᠴᠢᠷᠮᠠᠶᠢᠵᠤ ᠪᠣᠯᠣᠨ᠎ᠠ᠃ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠷᠦ᠋ᠭᠤᠸᠠᠢ ᠶᠢᠨ ᠬᠢᠨ ᠤ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠡᠮᠦᠨᠡᠲᠦ ᠠᠮᠧᠷᠢᠺᠠ ᠲᠢᠪ ᠤᠨ ᠬᠠᠮᠲᠤ ᠶᠢᠨ ᠵᠠᠬ᠎ᠠ ᠳᠡᠯᠭᠡᠭᠦᠷ ᠵᠡᠷᠭᠡ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠯᠤᠭ᠎ᠠ ᠤᠯᠤᠰ ᠲᠦᠷᠦ ᠶᠢᠨ ᠶᠠᠷᠢᠯᠴᠠᠭ᠎ᠠ ᠪᠣᠯᠣᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠨᠢᠭᠲᠠᠷᠠᠭᠤᠯᠬᠤ ᠶᠢ ᠳᠡᠮᠵᠢᠨ᠎ᠠ᠂ ᠦᠷᠦ᠋ᠭᠤᠸᠠᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠬᠠᠮᠲᠤᠷᠠᠯᠴᠠᠭ᠎ᠠ᠂ ᠳᠤᠮᠳᠠᠳᠤ ᠤᠯᠤᠰ ᠪᠣᠯᠣᠨ ᠡᠮᠦᠨᠡᠲᠦ ᠠᠮᠧᠷᠢᠺᠠ ᠲᠢᠪ ᠤᠨ ᠬᠠᠮᠲᠤᠷᠠᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠯᠠᠺᠠᠯᠢᠶᠧ᠂ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠤᠢ ᠶᠢᠨ ᠲᠠᠰᠢᠷᠠᠮ ᠢᠶᠠᠷ ᠴᠢᠬᠤᠯᠠ ᠰᠠᠶᠢᠳ ᠨᠠᠷ ᠤᠨ ᠵᠥᠪᠯᠡᠯ ᠪᠣᠯᠣᠨ ᠠᠵᠤ ᠠᠬᠤᠢ ᠠᠷᠠᠯᠵᠢᠶᠠᠨ ᠤ ᠲᠥᠯᠥᠭᠡᠯᠡᠭᠴᠢᠳ ᠤᠨ ᠪᠦᠯᠭᠦᠮ ᠢ ᠳᠠᠭᠠᠭᠤᠯᠤᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠦᠷᠦ᠋ᠭᠤᠸᠠᠢ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠢᠮᠠᠭᠲᠠ ᠡᠷᠬᠡ ᠲᠡᠭᠰᠢ᠂ ᠬᠦᠨᠳᠦᠳᠬᠡᠬᠦ᠂ ᠬᠠᠷᠢᠯᠴᠠᠨ ᠠᠰᠢᠭᠲᠠᠢ᠂ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠵᠤ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠪᠠᠲᠤᠵᠢᠨ ᠪᠠᠬᠢᠵᠢᠵᠦ᠂ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠪᠣᠯ ᠦᠷᠦ᠋ᠭᠤᠸᠠᠢ ᠶᠢᠨ ᠡᠯ᠎ᠡ ᠡᠲᠡᠭᠡᠳ ᠪᠣᠯᠣᠨ ᠪᠦᠭᠦ ᠠᠷᠠᠳ ᠲᠦᠮᠡᠨ ᠤ ᠴᠢᠩᠭ᠎ᠠ ᠬᠠᠮᠲᠤ ᠶᠢᠨ ᠲᠠᠨᠢᠯᠲᠠ ᠪᠣᠯᠣᠨ᠎ᠠ᠃ ᠦᠷᠦ᠋ᠭᠤᠸᠠᠢ ᠶᠢᠨ ᠵᠠᠰᠠᠭ ᠤᠨ ᠣᠷᠳᠣᠨ ᠳᠡᠯᠡᠬᠡᠢ ᠳᠡᠭᠡᠷ᠎ᠡ ᠭᠠᠭᠴᠠᠬᠠᠨ ᠳᠤᠮᠳᠠᠳᠤ ᠤᠯᠤᠰ ᠪᠠᠶᠢᠬᠤ ᠶᠢ ᠮᠡᠳᠡᠷᠡᠵᠦ ᠪᠠᠶᠢᠨ᠎ᠠ᠂ ᠨᠠᠶᠢᠷᠠᠮᠳᠠᠯ ᠢᠶᠠᠷ ᠨᠢᠭᠡᠳᠬᠡᠬᠦ ᠪᠣᠯ ᠳᠤᠮᠳᠠᠳᠤ ᠤᠯᠤᠰ ᠤᠨ ᠳᠣᠲᠣᠭᠠᠳᠤ ᠵᠠᠰᠠᠭ ᠮᠥᠨ᠂ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠥᠪᠡᠷ ᠢᠶᠠᠨ ᠲᠣᠭᠲᠠᠭᠠᠬᠤ ᠬᠡᠷᠡᠭᠲᠡᠢ᠃ ᠦᠷᠦ᠋ᠭᠤᠸᠠᠢ ᠳᠤᠮᠳᠠᠳᠤ ᠴᠥᠮ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠴᠢᠯᠦᠭᠡᠲᠦ ᠠᠷᠠᠯᠵᠢᠶ᠎ᠠ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠲᠣᠭᠲᠠᠭᠤᠨ ᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠨᠢᠭᠡᠨᠲᠡ ᠠᠵᠤ ᠠᠬᠤᠢ ᠠᠷᠠᠯᠵᠢᠶᠠᠨ ᠤ ᠬᠦᠷᠢᠶ᠎ᠡ ᠶᠢ ᠳᠠᠪᠠᠵᠤ᠂ ᠤᠯᠠᠨ ᠬᠠᠷᠠᠭᠠᠰᠤ᠂ ᠥᠨᠳᠥᠷ ᠲᠦᠪᠰᠢᠨ ᠪᠦᠬᠦᠢ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠦᠷᠦ᠋ᠭᠤᠸᠠᠢ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠢᠳᠡᠪᠬᠢᠲᠡᠢ ᠲᠡᠮᠵᠢᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠵᠥᠪᠰᠢᠶᠡᠷᠡᠵᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠦᠷᠦ᠋ᠭᠤᠸᠠᠢ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ᠂ ᠦᠷᠦ᠋ᠭᠤᠸᠠᠢ ᠳᠤ ᠨᠡᠩ ᠤᠯᠠᠨ ᠺᠦᠩᠽᠢ ᠶᠢᠨ ᠳᠡᠭᠡᠳᠦ ᠰᠤᠷᠭᠠᠭᠤᠯᠢ ᠪᠠᠶᠢᠭᠤᠯᠤᠨ ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠬᠤ ᠶᠢ ᠳᠡᠮᠵᠢᠨ᠎ᠡ᠃ ᠦᠷᠦ᠋ᠭᠤᠸᠠᠢ ᠶᠢᠨ ᠬᠢᠨ ᠳᠤᠮᠳᠠᠳᠤ ᠤᠯᠤᠰ ᠯᠤᠭ᠎ᠠ ᠴᠢᠯᠦᠭᠡᠲᠦ ᠠᠷᠠᠯᠵᠢᠶᠠᠨ ᠤ ᠬᠠᠮᠲᠤᠷᠠᠯᠴᠠᠭ᠎ᠠ ᠪᠠᠨ ᠲᠦᠷᠭᠡᠳᠬᠡᠨ ᠠᠬᠢᠭᠤᠯᠬᠤ ᠶᠢᠨ ᠬᠠᠮᠲᠤ ᠡᠮᠦᠨᠡᠲᠦ ᠠᠮᠧᠷᠢᠺᠠ ᠲᠢᠪ ᠤᠨ ᠬᠠᠮᠲᠤ ᠶᠢᠨ ᠵᠠᠬ᠎ᠠ ᠳᠡᠯᠭᠡᠭᠦᠷ ᠤᠨ ᠡᠨᠡ ᠬᠦ ᠬᠠᠷᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠦᠷᠦ᠋ᠭᠤᠸᠠᠢ ᠶᠢᠨ ᠬᠢᠨ ᠳᠤᠷᠠᠲᠠᠶ᠎ᠠ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ ᠪᠠᠶᠢᠭᠤᠯᠤᠯᠲᠠ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃     ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ᠂ ᠠᠷᠠᠯᠵᠢᠶ᠎ᠠ ᠪᠡᠯᠡ ᠣᠷᠣᠭᠤᠯᠤᠯᠲᠠ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠬᠥᠭᠵᠢᠯᠲᠡ᠂ ᠬᠥᠳᠡᠭᠡ ᠠᠵᠤ ᠠᠬᠤᠢ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠺᠠᠯᠢᠶᠧ ᠶᠢ ᠤᠭᠲᠤᠬᠤ ᠶᠣᠰᠣᠯᠠᠯ ᠶᠠᠪᠤᠭᠤᠯᠪᠠ᠃ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠦᠷᠦ᠋ᠭᠤᠸᠠᠢ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠯᠠᠺᠠᠯᠢᠶᠧ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃     ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠯᠠᠺᠠᠯᠢᠶᠧ ᠶᠢ ᠤᠭᠲᠤᠬᠤ ᠳᠠᠶᠢᠯᠠᠯᠭ᠎ᠠ ᠬᠢᠪᠡ᠃     ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃     ᠯᠠᠺᠠᠯᠢᠶᠧ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠬᠤᠭᠤᠴᠠᠭᠠᠨ ᠳᠠᠭᠠᠨ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠦᠷᠦ᠋ᠭᠤᠸᠠᠢ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠶᠢ ᠨᠡᠶᠢᠲᠡᠯᠡᠪᠡ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号