| | | 11 ᠰᠠᠷ᠎ᠠ ᠶᠢᠨ 14 ᠤ ᠡᠳᠦᠷ ᠪᠣᠯ 17 ᠳ᠋ᠤᠭᠠᠷ ᠳᠡᠯᠡᠬᠡᠢ ᠶᠢᠨ ᠰᠢᠬᠢᠷ ᠰᠢᠵᠢᠩ ᠡᠪᠡᠳᠴᠢᠨ ᠤ ᠡᠳᠦᠷ | ᠪᠣᠯᠤᠨ᠎ᠠ᠂ ᠵᠢᠤ ᠶᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠸᠠᠨ ᠳ᠋ᠠ | ᠭᠡᠷ ᠬᠤᠷᠢᠶᠠᠯᠠᠯ ᠲᠠᠢ ᠬᠠᠮᠲᠤᠷᠠᠨ ︽ᠤᠳᠠᠭᠠᠨ ᠴᠢᠨᠠᠷᠲᠠᠢ ᠡᠪᠡᠳᠴᠢᠨ ᠤ ᠡᠷᠡᠭᠦᠯ ᠮᠡᠨᠳᠦ ᠶᠢᠨ ᠮᠡᠳᠡᠯᠭᠡ ᠶᠢ | ᠤᠬᠠᠭᠤᠯᠤᠨ ᠲᠠᠶᠢᠯᠪᠤᠷᠢᠯᠠᠬᠤ — ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠬᠦ︾ ᠡᠷᠡᠭᠦᠯ | ᠮᠡᠨᠳᠦ ᠶᠢᠨ ᠲᠠᠶᠢᠯᠤᠮᠵᠢ ᠬᠢᠪᠡ᠃ | ᠲᠣᠰ ᠤᠳᠠᠭᠠᠨ ᠤ ᠲᠠᠶᠢᠯᠤᠮᠵᠢ ᠶᠢ ᠵᠢᠦ ᠶᠤᠸᠠᠨ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ | ᠲᠥᠪ ᠤᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭᠠᠨ ᠤ ᠡᠷᠬᠢᠯᠡᠭᠴᠢ ᠯᠢᠦ ᠾᠦᠢ ᠵᠢᠶᠦ᠋ᠨ ᠶᠠᠷᠢᠬᠤ ᠳᠠᠭᠠᠨ᠂ | ︽ᠠᠶᠤᠯ ᠲᠦᠭᠰᠢᠭᠦᠷᠢ ᠶᠢ ᠣᠶᠢᠯᠠᠭᠠᠵᠤ᠂ ᠠᠷᠭᠠᠴᠠᠬᠤ ᠶᠢ ᠣᠶᠢᠯᠠᠭᠠᠬᠤ︾ ᠭᠤᠤᠯ ᠰᠡᠳᠦᠪ ᠤᠨ ᠲᠣᠭᠤᠷᠢᠨ ᠳᠤ᠂ | ᠰᠢᠬᠢᠷ ᠰᠢᠵᠢᠩ ᠡᠪᠡᠳᠴᠢᠨ ᠤ ᠰᠢᠯᠲᠠᠭᠠᠨ᠂ ᠡᠮᠴᠢᠯᠡᠭᠡᠨ ᠤ ᠢᠯᠡᠷᠡᠯ ᠵᠢᠴᠢ ᠣᠨᠣᠰᠢᠯᠠᠬᠤ ᠪᠠᠷᠢᠮᠵᠢᠶ᠎ᠠ ᠶᠢ ᠣᠯᠠᠨ ᠳᠤ | ᠨᠠᠷᠢᠨ ᠲᠠᠶᠢᠯᠪᠤᠷᠢᠯᠠᠵᠤ᠂ ᠰᠢᠬᠢᠷ ᠰᠢᠵᠢᠩ ᠡᠪᠡᠳᠴᠢᠨ ᠢ ᠬᠡᠷᠬᠢᠨ ᠤᠷᠢᠳᠴᠢᠯᠠᠨ ᠰᠡᠷᠭᠡᠶᠢᠯᠡᠵᠦ᠂ ᠰᠠᠭᠤᠭᠠᠯᠢ | ᠠᠷᠠᠳ ᠲᠤ ᠰᠢᠨᠵᠢᠯᠡᠬᠦ ᠤᠬᠠᠭᠠᠨᠴᠢ᠂ ᠪᠦᠲᠦᠮᠵᠢᠲᠡᠶ ᠰᠠᠨᠠᠭᠤᠯᠭ᠎ᠠ ᠬᠠᠩᠭᠠᠭᠰᠠᠨ ᠪᠠᠶᠢᠨ᠎ᠠ᠃ | ᠲᠤᠬᠠᠶ ᠶᠢᠨ ᠲᠠᠯᠠᠪᠤᠷ ᠲᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠭᠤᠣᠯ ᠮᠡᠳᠡᠯᠭᠡ ᠶᠢᠨ ᠤᠬᠠᠭᠤᠯᠭ᠎ᠠ ᠶᠢᠨ | ᠴᠢᠬᠤᠯᠠ ᠮᠠᠲ᠋ᠧᠷᠢᠶᠠᠯ ᠢ ᠨᠡᠶᠢᠲᠡ 30 ᠭᠠᠷᠤᠶ ᠬᠤᠪᠢ ᠲᠠᠷᠬᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠤᠨ ᠴᠠᠭᠠᠰᠤ᠂ | ᠠᠯᠴᠢᠭᠤᠷ 60 ᠭᠠᠷᠤᠶ ᠬᠤᠪᠢ ᠬᠠᠰᠤᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠤᠨ ᠯᠠᠪᠯᠠᠯᠲᠠ ᠶᠢ 20 | ᠭᠠᠷᠤᠶ ᠬᠥᠮᠦᠨ ᠤᠳᠠᠭ᠎ᠠ ᠬᠦᠯᠢᠶᠡᠨ ᠠᠪᠴᠤ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠥᠷᠭᠡᠨ ᠣᠯᠠᠨ | ᠰᠠᠭᠤᠭᠠᠯᠢ ᠠᠷᠠᠳ ᠤᠨ ᠰᠢᠬᠢᠷ ᠰᠢᠵᠢᠩ ᠡᠪᠡᠳᠴᠢᠨ ᠤ ᠲᠤᠬᠠᠶ ᠮᠡᠳᠡᠯᠭᠡ ᠶᠢᠨ ᠲᠠᠨᠢᠯᠲᠠ ᠶᠢ ᠦᠨᠡᠨ ᠬᠦ | ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠥᠪᠡᠷ ᠤᠨ ᠪᠡᠶ᠎ᠡ ᠶᠢᠨ ᠡᠷᠡᠭᠦᠯ | ᠮᠡᠨᠳᠦ ᠶᠢᠨ ᠬᠠᠮᠢᠶᠠᠷᠤᠯᠲᠠ᠂ ᠰᠢᠬᠢᠷ ᠰᠢᠵᠢᠩ ᠡᠪᠡᠳᠴᠢᠨ ᠢ ᠰᠡᠷᠭᠡᠶᠢᠯᠡᠬᠦ ᠳᠤ ᠣᠷᠣᠯᠴᠠᠬᠤ ᠶᠢ ᠠᠬᠢᠭᠤᠯᠵᠤ᠂ ᠭᠡᠷ | ᠬᠤᠷᠢᠶᠠᠯᠠᠯ ᠤᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠰᠠᠶᠢᠬᠠᠨ ᠠᠮᠢᠳᠤᠷᠠᠯ ᠤᠨ | ᠠᠷᠭ᠎ᠠ ᠮᠠᠶ᠋ᠢᠭ ᠢ ᠰᠣᠩᠭᠤᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | |