ᠰᠠᠷᠠᠭᠤᠯ ᠵᠡᠭᠡᠯᠢ ᠭᠤᠳᠤᠮᠵᠢ ︽ᠡᠪᠦᠯ ᠤᠨ ᠡᠳᠦᠷ ᠲᠤ ᠬᠠᠶᠢᠷ᠎ᠠ ᠬᠠᠯᠠᠮᠵᠢ ᠬᠦᠷᠭᠡᠵᠦ ᠵᠢᠷᠤᠮ ᠤᠨ ᠡᠮᠴᠢᠯᠡᠭᠡ ᠬᠢᠵᠦ ᠡᠷᠡᠭᠦᠯ ᠮᠡᠨᠳᠦ ᠶᠢ ᠲᠤᠰᠠᠯᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/28
    ᠡᠪᠦᠯ ᠤᠨ ᠤᠯᠠᠷᠢᠯ ᠪᠣᠯ ᠡᠪᠡᠳᠴᠢᠨ ᠣᠯᠠᠨ ᠡᠭᠦᠰᠳᠡᠭ ᠤᠯᠠᠷᠢᠯ ᠮᠥᠨ᠃ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠨᠠᠮᠤᠷ ᠡᠪᠦᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠠᠮᠢᠳᠤᠷᠠᠯ ᠤᠨ ᠮᠡᠳᠡᠯᠭᠡ ᠶᠢ ᠪᠠᠶᠠᠯᠢᠭᠵᠢᠭᠤᠯᠬᠤ ᠶᠢᠨ ᠲᠥᠯᠥᠭᠡ᠂ ᠰᠠᠷᠠᠭᠤᠯ ᠵᠡᠭᠡᠯᠢ ᠭᠤᠳᠤᠮᠵᠢ 11 ᠰᠠᠷ᠎ᠠ ᠶᠢᠨ 25᠎ ᠤ ᠦᠳᠡ ᠶᠢᠨ ᠡᠮᠦᠨ᠎ᠡ᠂ ᠪᠤᠭᠤᠲᠤ ᠶᠢᠨ ᠾᠧ ᠰᠢᠶᠧ ᠡᠮᠨᠡᠯᠭᠡ ᠶᠢᠨ ᠬᠤᠷᠢᠶ᠎ᠠ᠂ ᠪᠤᠭᠤᠲᠤ ᠺᠠᠩ ᠪᠠᠢ ᠵᠢᠶᠠ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠡᠪᠦᠯ ᠤᠨ ᠡᠳᠦᠷ ᠲᠤ ᠬᠠᠶᠢᠷ᠎ᠠ ᠬᠠᠯᠠᠮᠵᠢ ᠬᠦᠷᠭᠡᠵᠦ ᠡᠷᠡᠭᠦᠯ ᠮᠡᠨᠳᠦ ᠶᠢ ᠲᠤᠰᠠᠯᠠᠬᠤ︾ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠪᠣᠯᠤᠨ ᠡᠷᠡᠭᠦᠯ ᠮᠡᠨᠳᠦ ᠶᠢᠨ ᠵᠢᠯᠤᠭᠤᠳᠤᠯᠭ᠎ᠠ ᠬᠦᠷᠲᠡᠭᠡᠵᠡᠢ
C:\Users\Administrator\Desktop\新闻照片\17.jpg
     ᠵᠢᠷᠤᠮ ᠤᠨ ᠡᠮᠴᠢᠯᠡᠭᠡᠨ ᠤ ᠠᠬᠤᠶ ᠲᠠᠯᠠᠪᠠᠶ᠂ ᠡᠮᠴᠢ ᠨᠡᠷ ᠰᠠᠭᠤᠭᠠᠯᠢ ᠠᠷᠠᠳ ᠲᠤ ᠴᠢᠰᠤᠨ ᠰᠢᠬᠢᠷ᠂ ᠴᠢᠰᠤᠨ ᠳᠠᠷᠤᠯᠲᠠ᠂ ᠨᠡᠭᠦᠷᠡᠰᠦᠲᠥ᠋ᠷᠥᠭᠴᠢ 14 ᠵᠡᠷᠭᠡ ᠣᠯᠠᠨ ᠵᠦᠢᠯ ᠤᠨ ᠵᠢᠷᠤᠮ ᠤᠨ ᠡᠮᠴᠢᠯᠡᠭᠡᠨ ᠤ ᠵᠦᠢᠯᠡᠰ ᠢ ᠪᠠᠶᠢᠴᠠᠭᠠᠨ ᠥᠭᠴᠦ᠂ ᠵᠢᠷᠤᠮ ᠤᠨ ᠡᠮᠴᠢᠯᠡᠭᠡ ᠳᠤ ᠣᠷᠣᠯᠴᠠᠬᠤ ᠪᠠᠷ ᠢᠷᠡᠭᠰᠡᠨ ᠰᠠᠭᠤᠭᠠᠯᠢ ᠠᠷᠠᠳ ᠨᠢᠭᠡᠪᠦᠷᠢ ᠶᠢᠨ ᠪᠡᠶ᠎ᠡ ᠶᠢᠨ ᠪᠠᠶᠢᠳᠠᠯ ᠢ ᠬᠦᠯᠢᠴᠡᠩᠭᠦᠶ ᠪᠠᠷ ᠨᠠᠷᠢᠨ ᠨᠢᠮᠪᠠᠶ ᠠᠰᠠᠭᠤᠨ ᠯᠠᠪᠯᠠᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠡᠮᠴᠢᠯᠡᠭᠡᠨ ᠤ ᠰᠠᠨᠠᠭᠤᠯᠭ᠎ᠠ ᠥᠭᠴᠦ᠂ ᠰᠠᠭᠤᠭᠠᠯᠢ ᠠᠷᠠᠳ ᠤᠨ ᠡᠷᠡᠭᠦᠯ ᠪᠤᠰᠤ ᠠᠮᠢᠳᠤᠷᠠᠯ ᠤᠨ ᠵᠠᠩ ᠳᠠᠳᠬᠠᠯ ᠢ ᠵᠠᠯᠠᠷᠠᠭᠤᠯᠬᠤ ᠶᠢ ᠴᠠᠭ ᠲᠤᠬᠠᠶ ᠳᠤᠨᠢ ᠰᠠᠨᠠᠭᠤᠯᠵᠤ᠂ ᠦᠢᠯᠡ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠰᠠᠭᠤᠭᠠᠯᠢ ᠠᠷᠠᠳ ᠢ ᠡᠪᠦᠯ ᠤᠨ ᠤᠯᠠᠷᠢᠯ ᠳᠤ ᠭᠡᠷ ᠬᠤᠷᠢᠶᠠᠯᠠᠯ ᠠᠴᠠ ᠭᠠᠷᠬᠤ ᠥᠬᠡᠶ ᠪᠠᠷ ᠲᠤᠰᠬᠠᠶ ᠮᠡᠷᠭᠡᠵᠢᠯ ᠤᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠶᠢ ᠡᠳ᠋ᠯᠡᠭᠦᠯᠦᠨ᠎ᠡ᠃ ᠡᠭᠦᠨ ᠤ ᠬᠠᠮᠲᠤ᠂ ᠡᠮᠴᠢ ᠰᠤᠪᠢᠯᠠᠭᠴᠢᠳ ᠲᠤᠬᠠᠶ ᠶᠢᠨ ᠲᠠᠯᠠᠪᠤᠷ ᠲᠤ ᠲᠡᠳᠡᠨ ᠤ ᠳᠤᠷᠠᠳᠤᠭᠰᠠᠨ ᠡᠯ᠎ᠡ ᠵᠦᠢᠯ ᠤᠨ ᠡᠷᠡᠭᠦᠯ ᠮᠡᠨᠳᠦ ᠶᠢᠨ ᠠᠰᠠᠭᠤᠳᠠᠯ ᠢ ᠨᠠᠷᠢᠨ ᠬᠢᠨᠠᠮᠠᠭᠠᠶ ᠬᠦᠯᠢᠴᠡᠩᠭᠦᠶ ᠪᠠᠷ ᠬᠠᠷᠢᠭᠤᠯᠵᠤ᠂ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠪᠠ᠃ ᠢᠯᠠᠩᠭᠤᠶ᠎ᠠ ᠣᠶᠢᠷ᠎ᠠ ᠳᠤ ᠠᠭᠤᠷ ᠠᠮᠢᠰᠬᠤᠯ ᠬᠠᠬᠢᠷ ᠬᠦᠢᠲᠡᠨ᠂ ᠲᠠᠬᠤᠯ ᠲᠠᠭᠰᠢᠭᠤᠷ ᠣᠯᠠᠨ ᠡᠭᠦᠰᠴᠦ᠂ ᠨᠠᠰᠤᠲᠠᠶᠢᠴᠤᠳ᠂ ᠬᠡᠦᠬᠡᠳ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠳᠣᠣᠷ᠎ᠠ ᠬᠥᠮᠦᠰ ᠭᠠᠳᠠᠭᠰᠢ ᠭᠠᠷᠬᠤ ᠳᠠᠭᠠᠨ ᠪᠡᠶ᠎ᠡ ᠪᠠᠨ ᠳᠤᠯᠠᠭᠠᠯᠠᠬᠤ ᠶᠢ ᠠᠩᠬᠠᠷᠴᠤ᠂ ᠠᠮᠠᠪᠴᠢ ᠵᠡᠭᠦᠵᠦ᠂ ᠬᠥᠮᠦᠨ ᠣᠯᠠᠨ ᠰᠢᠬᠠᠯᠳᠤᠵᠤ ᠪᠠᠶᠢᠭ᠎ᠠ ᠭᠠᠵᠠᠷ ᠲᠤ ᠣᠴᠢᠬᠤ ᠠᠴᠠ ᠪᠣᠯᠭᠤᠮᠵᠢᠯᠠᠵᠤ᠂ ᠡᠪ ᠦᠭᠡᠶᠢᠷᠡᠬᠦ ᠢᠯᠡᠷᠡᠯ ᠭᠠᠷᠪᠠᠯ ᠵᠠᠪᠠᠯ ᠵᠢᠩᠬᠢᠨᠢ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠃
C:\Users\Administrator\Desktop\新闻照片\18.jpg
     ᠵᠢᠷᠤᠮ ᠤᠨ ᠡᠮᠴᠢᠯᠡᠭᠡ ᠳᠤ ᠣᠷᠣᠯᠴᠠᠭᠰᠠᠨ ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠡᠷ ᠤᠨ ᠡᠭᠦᠳᠡᠨ ᠳᠠᠬᠢ ᠡᠷᠡᠭᠦᠯ ᠮᠡᠨᠳᠦ ᠶᠢᠨ ᠵᠢᠷᠤᠮ ᠤᠨ ᠡᠮᠴᠢᠯᠡᠭᠡ ᠨᠢ ᠮᠠᠰᠢ ᠬᠡᠷᠡᠭᠴᠡᠭᠡ ᠲᠠᠢ᠂ ᠡᠩ ᠤᠨ ᠦᠶ᠎ᠡ ᠳᠤ ᠦᠷᠭᠦᠯᠵᠢ ᠲᠣᠬᠢᠶᠠᠯᠳᠤᠳᠠᠭ ᠡᠷᠡᠭᠦᠯ ᠮᠡᠨᠳᠦ ᠶᠢᠨ ᠠᠰᠠᠭᠤᠳᠠᠯ ᠢ ᠠᠰᠠᠭᠤᠨ ᠯᠠᠪᠯᠠᠵᠤ᠂ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠠᠯ᠎ᠠ ᠶᠢᠨ ᠰᠠᠨᠠᠭᠤᠯᠭ᠎ᠠ ᠶᠢ ᠣᠯᠵᠤ ᠪᠣᠯᠤᠨ᠎ᠠ ᠭᠡᠵᠡᠶ᠃ ᠵᠠᠷᠢᠮ ᠰᠠᠭᠤᠭᠠᠯᠢ ᠠᠷᠠᠳ ᠪᠠᠶᠢᠴᠠᠭᠠᠵᠤ ᠪᠠᠷᠠᠭᠰᠠᠨ ᠤ ᠳᠠᠷᠠᠭ᠎ᠠ ᠡᠷᠡᠬᠡᠶ ᠬᠤᠷᠤᠭᠤ ᠪᠠᠨ ᠭᠤᠵᠣᠶᠢᠨ᠄ ︽ᠡᠲᠡᠭᠡᠷ ᠡᠮᠴᠢ ᠨᠡᠷ ᠤᠨ ᠡᠮᠨᠡᠬᠦ ᠮᠡᠷᠭᠡᠵᠢᠯ ᠨᠢ ᠰᠠᠶᠢᠨ ᠢᠶᠠᠷ ᠪᠠᠷᠠᠬᠤ ᠥᠬᠡᠶ᠂ ᠪᠠᠰᠠ ᠲᠦᠢᠯ ᠤᠨ ᠡᠶᠡᠯᠰᠡᠭ ᠳᠣᠲᠣᠨᠣ ᠪᠠᠶᠢᠵᠤ᠂ ᠬᠡᠷ ᠤᠨ ᠬᠥᠮᠦᠰ ᠲᠠᠢ ᠪᠠᠨ ᠠᠳᠠᠯᠢ ᠪᠠᠷ ᠡᠨᠡ ᠤᠳᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠦᠨᠡᠬᠡᠷ ᠮᠠᠨ ᠤ ᠠᠷᠠᠳ ᠲᠦᠮᠡᠨ ᠤ ᠰᠡᠳᠬᠢᠯ ᠤᠨ ᠭᠦᠨ ᠳᠤ ᠭᠦᠷᠦᠭᠰᠡᠨ ᠪᠠᠶᠢᠨ᠎ᠠ︾ ᠭᠡᠵᠡᠶ᠃ 
C:\Users\Administrator\Desktop\新闻照片\19.jpg
    ᠲᠣᠰ ᠤᠳᠠᠭᠠᠨ ᠤ ᠵᠢᠷᠤᠮ ᠤᠨ ᠡᠮᠴᠢᠯᠡᠭᠡᠨ ᠤ ᠦᠢᠯᠡᠴᠢᠯᠡᠭᠡ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠷᠠᠭᠤᠯᠵᠤ᠂ ᠰᠠᠭᠤᠭᠠᠯᠢ ᠠᠷᠠᠳ ᠲᠤ ᠡᠷᠡᠭᠦᠯ ᠮᠡᠨᠳᠦ ᠪᠠ ᠬᠠᠯᠠᠭᠤᠨ ᠳᠤᠯᠠᠭᠠᠨ ᠬᠦᠷᠲᠡᠭᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠠᠷᠠᠭᠤᠯ ᠵᠡᠭᠡᠯᠢ ᠭᠤᠳᠤᠮᠵᠢ ᠦᠷᠭᠦᠯᠵᠢᠯᠡᠨ ᠡᠮᠴᠢᠯᠡᠭᠡᠨ ᠤ ᠡᠬᠢ ᠪᠠᠶᠠᠯᠢᠭ ᠢ ᠢᠳᠡᠪᠬᠢᠲᠡᠶ ᠬᠤᠯᠪᠣᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠲᠤ ᠠᠰᠢᠭ ᠬᠦᠷᠲᠡᠭᠡᠵᠦ ᠡᠪᠦᠯ ᠢ ᠳᠤᠯᠠᠭᠠᠯᠠᠬᠤ ᠵᠢᠷᠤᠮ ᠤᠨ ᠡᠮᠴᠢᠯᠡᠭᠡ ᠶᠢ ᠥᠷᠨᠢᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号