ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠨᠡᠶᠢᠭᠡᠮ ᠲᠣᠭᠤᠷᠢᠭ ᠨᠢ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ ᠣᠯᠠᠨ ᠬᠡᠯᠪᠡᠷᠢ ᠶᠢᠨ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠩᠭᠠᠬᠤ ᠭᠡᠷᠡᠭᠳᠡᠢ
ᠨᠡᠶᠢᠲᠡᠯᠡᠭᠰᠡᠨ ᠴᠠᠭ᠄
2023/11/28
    ᠦᠨᠦᠳᠦᠷ ᠶᠠᠪᠤᠭᠳᠠᠭᠰᠠᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠤᠰᠬᠠᠶ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠡᠯᠡᠬᠦ ᠳᠡᠭᠡᠨ᠂ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠨᠢ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ ᠪᠦᠬᠦᠯᠢ ᠡᠳᠦᠷ ᠢᠶᠠᠷ ᠰᠠᠭᠠᠲᠠᠭᠤᠯᠬᠤ᠂ ᠬᠠᠭᠠᠰ ᠡᠳᠦᠷ ᠰᠠᠭᠠᠲᠠᠭᠤᠯᠬᠤ᠂ ᠴᠠᠭ ᠢᠶᠠᠷ ᠬᠦᠯᠦᠰᠦ ᠮᠦᠡᠭᠭᠦ ᠪᠤᠳᠤᠵᠤ ᠰᠠᠭᠠᠲᠠᠭᠤᠯᠬᠤ᠂ ᠲᠦᠷ ᠴᠠᠭ ᠰᠠᠭᠠᠲᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠶᠢᠨ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠩᠭᠠᠵᠤ ᠪᠣᠯᠤᠨ᠎ᠠ ᠭᠡᠵᠡᠶ᠃     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠦᠨ ᠠᠮᠠ ᠬᠡᠷ ᠪᠦᠯᠢ ᠶᠢᠨ ᠵᠤᠷᠭᠠᠨ ᠤ ᠳᠡᠳ᠋ ᠳᠠᠷᠤᠭ᠎ᠠ ᠰᠢᠤᠢ ᠶᠦᠩ ᠵᠢᠶᠦ᠋ᠨ᠄ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠨᠢ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ ᠪᠦᠬᠦᠯᠢ ᠡᠳᠦᠷ ᠢᠶᠠᠷ ᠰᠠᠭᠠᠲᠠᠭᠤᠯᠬᠤ᠂ ᠬᠠᠭᠠᠰ ᠡᠳᠦᠷ ᠢᠶᠠᠷ ᠰᠠᠭᠠᠲᠠᠭᠤᠯᠬᠤ᠂ ᠴᠠᠭ ᠢᠶᠠᠷ ᠬᠦᠯᠦᠰᠦ ᠮᠦᠡᠭᠭᠦ ᠪᠤᠳᠤᠵᠤ ᠰᠠᠭᠠᠲᠠᠭᠤᠯᠬᠤ᠂ ᠲᠦᠷ ᠴᠠᠭ ᠰᠠᠭᠠᠲᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠦᠬᠦᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠠᠩᠭᠠᠵᠤ ᠪᠣᠯᠤᠨ᠎ᠠ᠂ ᠡᠨᠡ ᠪᠣᠯ ᠬᠡᠷ ᠪᠦᠯᠢ ᠳᠤ ᠮᠡᠳᠡᠷᠡᠭᠳᠡᠭᠰᠡᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠡᠯᠪᠡᠷᠢ ᠶᠢᠨ ᠨᠢᠭᠡ ᠪᠤᠯᠬᠤ ᠶᠤᠮ᠃ ᠨᠡᠶᠢᠭᠡᠮ ᠲᠣᠭᠤᠷᠢᠭ ᠲᠤ ᠲᠦᠰᠢᠭᠯᠡᠨ ᠲᠦᠭᠡᠮᠡᠯ ᠬᠠᠷᠠᠭᠠᠯᠵᠠᠯᠲᠤ ᠴᠢᠨᠠᠷᠲᠠᠶ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠦᠭᠵᠢᠬᠦᠯᠬᠦ ᠨᠢ ᠦᠨᠡᠬᠡᠷ ᠥᠪᠡᠷᠮᠢᠴᠡ ᠳᠠᠪᠠᠭᠤᠯᠢᠭ ᠲᠠᠢ ᠪᠦᠭᠡᠳ ᠣᠶᠢᠷ᠎ᠠ ᠬᠠᠪᠢ ᠳᠠᠭᠠᠨ ᠬᠡᠤᠬᠡᠳ ᠢᠶᠠᠨ ᠬᠦᠷᠭᠡᠬᠦ ᠳᠤ ᠬᠠᠷᠠᠯᠲᠠ ᠶᠢ ᠪᠡᠶᠡᠯᠡᠭᠦᠯᠵᠦ ᠪᠣᠯᠤᠨ᠎ᠠ᠂ ᠢᠯᠠᠩᠭᠤᠶ᠎ᠠ ᠣᠷᠣᠰᠢᠨ ᠰᠠᠭᠤᠬᠤ ᠬᠡᠯᠪᠡᠷᠢ ᠶᠢᠨ ᠨᠡᠶᠢᠭᠡᠮ ᠲᠣᠭᠤᠷᠢᠭ ᠨᠢ ᠬᠡᠷ ᠪᠦᠯᠢ ᠶᠢᠨ ᠠᠮᠢᠳᠤᠷᠠᠯ ᠤᠨ ᠣᠷᠴᠢᠨ ᠲᠣᠭᠤᠷᠢᠨ ᠲᠠᠢ ᠠᠳᠠᠯᠢ ᠴᠢᠨᠠᠷ ᠲᠠᠢ ᠪᠦᠭᠡᠳ ᠨᠢᠯᠬ᠎ᠠ ᠬᠡᠦᠬᠡᠳ ᠤᠨ ᠪᠤᠶᠢᠵᠢᠯᠲᠠ ᠪᠠ ᠦᠰᠦᠨ ᠪᠤᠶᠢᠵᠢᠯᠲᠠ ᠳᠤ ᠲᠥᠬᠦᠮ ᠦᠵᠡᠭᠦᠯᠬᠦ ᠶᠤᠮ ᠬᠡᠪᠡ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号