ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ ︽ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠳᠠᠭᠠᠳᠤ ᠶᠠᠪᠤᠳᠠᠯ ᠤᠨ ᠠᠵᠢᠯ ᠢ ᠤᠳᠤᠷᠢᠳᠬᠤ ᠳᠦᠷᠢᠮ︾᠎ ᠢ ᠬᠢᠨᠠᠨ ᠵᠥᠪᠯᠡᠵᠡᠢ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/11/28
      ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 27᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 11 ᠰᠠᠷ᠎ᠠ ᠶᠢᠨ 27᠎ ᠤ ᠡᠳᠦᠷ ᠬᠤᠷᠠᠯ ᠬᠤᠷᠠᠯᠳᠤᠭᠤᠯᠵᠤ᠂ ︽ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠳᠠᠭᠠᠳᠤ ᠶᠠᠪᠤᠳᠠᠯ ᠤᠨ ᠠᠵᠢᠯ ᠢ ᠤᠳᠤᠷᠢᠳᠬᠤ ᠳᠦᠷᠢᠮ︾᠎ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃      ᠬᠤᠷᠠᠯ ᠠᠴᠠ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠣᠨ᠎ᠠ᠃ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠦᠵᠡᠯ ᠰᠠᠨᠠᠭ᠎ᠠ ᠲᠠᠨᠢᠯᠲᠠ᠂ ᠠᠮᠢ ᠠᠬᠤᠢ ᠣᠷᠴᠢᠨ ᠲᠣᠭᠤᠷᠢᠨ᠂ ᠬᠥᠭᠵᠢᠯᠲᠡ ᠶᠢᠨ ᠭᠡᠯᠪᠡᠷᠢ᠂ ᠣᠷᠣᠨ ᠪᠦᠰᠡ ᠶᠢᠨ ᠠᠭᠤᠰᠤᠯᠴᠠᠯ᠂ ᠥᠭᠡᠷᠡᠴᠢᠯᠡᠯᠲᠡ ᠨᠡᠭᠡᠭᠡᠯᠲᠡ ᠵᠡᠷᠭᠡ ᠲᠠᠯ᠎ᠠ ᠪᠠᠷ ᠴᠢᠬᠤᠯᠠ ᠶᠡᠭᠡ ᠬᠤᠪᠢᠷᠠᠯᠲᠠ ᠭᠠᠷᠴᠤ᠂ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠬᠥᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠳᠡᠭᠡᠷ᠎ᠡ ᠪᠠᠨ ᠬᠥᠬᠡᠮᠥ᠋ᠷᠡᠨ ᠤ ᠰᠠᠪᠠ ᠭᠠᠵᠠᠷ ᠤᠨ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠳᠤ ᠲᠦᠰᠢᠭᠯᠡᠳᠡᠭ᠃ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠯᠲᠡ ᠬᠢᠬᠦ ᠦᠭᠡᠢ ᠪᠠᠶᠢᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠳᠡᠭᠡᠷ᠎ᠡ ᠨᠠᠩ ᠶᠡᠭᠡ ᠬᠦᠴᠦ ᠣᠷᠣᠭᠤᠯᠵᠤ᠂ ᠠᠮᠢ ᠠᠬᠤᠢ ᠶᠢᠨ ᠤᠯᠠᠭᠠᠨ ᠱᠤᠭᠤᠮ ᠢ ᠪᠠᠲᠤ ᠰᠠᠬᠢᠨ ᠬᠠᠮᠢᠶᠠᠷᠴᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠣᠯ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠠᠭᠤᠰᠤᠯᠴᠠᠯ ᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠬᠤ ᠬᠡᠷᠡᠭᠲᠡᠢ᠃ ᠮᠥᠷᠡᠨ ᠳᠠᠭᠠᠤ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠰᠢᠯᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠢ ᠨᠡᠩ ᠰᠠᠶᠢᠲᠤᠷ ᠬᠤᠯᠪᠣᠯᠳᠤᠭᠤᠯᠤᠨ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠥᠳᠡᠯᠭᠡᠬᠦ ᠬᠦᠴᠦᠨ ᠪᠣᠯᠣᠨ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠤᠨ ᠲᠠᠲᠠᠬᠤ ᠬᠦᠴᠦᠨ ᠪᠠ ᠠᠬᠢᠭᠤᠯᠬᠤ ᠬᠦᠴᠦᠨ ᠢ ᠴᠢᠩᠭᠠᠳᠬᠠᠬᠤ ᠬᠡᠷᠡᠭᠲᠡᠢ᠃ ᠮᠤᠵᠢ ᠶᠢᠨ ᠬᠤᠭᠤᠷᠣᠨᠳᠤ ᠬᠠᠮᠲᠤ ᠪᠠᠷ ᠵᠥᠪᠳᠡᠬᠦ᠂ ᠠᠮᠢ ᠠᠬᠤᠢ ᠶᠢ ᠬᠠᠮᠲᠤ ᠪᠠᠷ ᠵᠠᠰᠠᠬᠤ᠂ ᠪᠦᠭᠦ ᠣᠷᠣᠨ ᠪᠦᠰᠡ ᠶᠢ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠰᠠᠪᠠ ᠭᠠᠵᠠᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠡᠰᠡᠭ ᠭᠠᠵᠠᠷ ᠤᠨ ᠲᠣᠭᠲᠠᠭᠤᠨ ᠪᠠᠶᠢᠬᠤ ᠪᠠᠷ ᠪᠦᠭᠦ ᠲᠠᠯ᠎ᠠ ᠶᠢᠨ ᠠᠮᠤᠷ ᠲᠦᠪᠰᠢᠨ ᠳᠤ ᠬᠤᠪᠢ ᠨᠡᠮᠡᠷᠢ ᠦᠵᠡᠭᠦᠯᠭᠦ ᠬᠡᠷᠡᠭᠲᠡᠢ᠃ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠮᠥᠷᠡᠨ ᠳᠠᠭᠠᠤ ᠮᠤᠵᠢ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠠᠯᠬᠤᠮ ᠠᠯᠬᠤᠮ ᠢᠶᠠᠷ ᠴᠢᠷᠮᠠᠶᠢᠨ ᠠᠵᠢᠯᠯᠠᠵᠤ᠂ ᠯᠠᠪᠳᠠᠭᠤᠨ ᠪᠠᠲᠤᠲᠠᠢ ᠠᠬᠢᠭᠤᠯᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠳᠠᠭᠠᠳᠤ ᠶᠠᠪᠤᠳᠠᠯ ᠤᠨ ᠠᠵᠢᠯ ᠢ ᠤᠳᠤᠷᠢᠳᠬᠤ ᠳᠦᠷᠢᠮ︾᠎ ᠳᠤ ᠨᠠᠮ ᠠᠴᠠ ᠭᠠᠳᠠᠭᠠᠳᠤ ᠶᠠᠪᠤᠳᠠᠯ ᠤᠨ ᠠᠵᠢᠯ ᠢ ᠤᠳᠤᠷᠢᠳᠬᠤ ᠲᠤᠬᠠᠢ ᠲᠣᠭᠲᠠᠭᠠᠯ ᠭᠠᠷᠭᠠᠵᠤ᠂ ᠤᠷᠳᠤ ᠬᠤᠭᠤᠴᠠᠭᠠᠨ ᠤ ᠲᠤᠷᠰᠢᠬᠢ ᠨᠠᠮ ᠤᠨ ᠭᠠᠳᠠᠭᠠᠳᠤ ᠶᠠᠪᠤᠳᠠᠯ ᠤᠨ ᠠᠵᠢᠯ ᠢ ᠤᠳᠤᠷᠢᠳᠤᠭᠰᠠᠨ ᠰᠡᠳᠬᠢᠮᠵᠢ ᠣᠶᠢᠯᠠᠭᠠᠭᠳᠠᠬᠤᠨ᠂ ᠪᠠᠶᠢᠭᠤᠯᠤᠮᠵᠢ ᠲᠣᠭᠲᠠᠴᠠ ᠪᠣᠯᠣᠨ ᠠᠮᠵᠢᠯᠲᠠ ᠲᠠᠢ ᠦᠢᠯᠡᠳᠦᠯᠭᠡ ᠶᠢ ᠳᠦᠷᠢᠮ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠲᠤᠬᠠᠢ ᠦᠨᠳᠦᠰᠦᠨ ᠪᠣᠳᠣᠯᠭ᠎ᠠ ᠴᠢᠭᠯᠡᠯᠲᠡ ᠪᠣᠯᠣᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠦᠴᠦᠲᠡᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠰᠢᠰᠲ᠋ᠧᠮ ᠲᠠᠢ ᠪᠦᠷᠢᠨ ᠲᠡᠭᠦᠯᠳᠡᠷ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠦᠷᠭᠡᠪᠴᠢᠯᠡᠨ ᠪᠦᠷᠢᠯᠳᠦᠭᠦᠯᠵᠦ᠂ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮᠵᠢᠭᠰᠡᠨ᠂ ᠵᠢᠷᠤᠮᠵᠢᠬᠰᠡᠨ᠂ ᠰᠢᠨᠵᠢᠯᠡᠬᠦ ᠤᠬᠠᠭᠠᠨᠴᠢᠯᠠᠭᠰᠠᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠠᠶᠠᠨ ᠳᠠᠬᠢ ᠨᠠᠮ ᠤᠨ ᠭᠠᠳᠠᠭᠠᠳᠤ ᠶᠠᠪᠤᠳᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠠᠨᠢᠵᠤ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠭᠠᠳᠠᠭᠠᠳᠤ ᠶᠠᠪᠤᠳᠠᠯ ᠤᠨ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠠᠰᠢᠭᠲᠠᠢ ᠨᠥᠬᠦᠴᠡᠯ ᠢ ᠡᠭᠦᠳᠴᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠬᠠᠮᠠᠭᠠᠯᠠᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号