ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠪᠠᠴᠢᠮ | ᠡᠮᠨᠡᠯᠭᠡ ᠶᠢᠨ ᠬᠡᠮᠵᠢᠶ᠎ᠡ ᠨᠡᠮᠡᠭᠳᠡᠵᠦ᠂ ᠠᠮᠢᠰᠬᠤᠯ ᠤᠨ ᠵᠠᠮ ᠤᠨ ᠡᠪᠡᠳᠴᠢᠨ ᠳᠤ ᠬᠠᠯᠳᠠᠪᠤᠷᠢᠯᠠᠭᠳᠠᠭᠰᠠᠨ ᠬᠡᠦᠬᠡᠳ | ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ 23 ᠤ ᠡᠳᠦᠷ ᠰᠢᠨᠬᠤᠸᠠ ᠬᠤᠷᠢᠶᠠᠨ ᠤ ᠲᠤᠰᠠᠭᠠᠷ ᠰᠣᠷᠪᠤᠯᠵᠢᠯᠠᠭ᠎ᠠ ᠶᠢ | ᠬᠦᠯᠢᠶᠡᠬᠦ ᠳᠤ ᠪᠠᠨ ᠠᠷᠠᠳ ᠣᠯᠠᠨ ᠢᠯᠠᠩᠭᠤᠶ᠎ᠠ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠰᠠᠨᠠᠭᠠᠰᠢᠷᠠᠵᠤ | ᠪᠠᠶᠢᠭ᠎ᠠ ᠠᠰᠠᠭᠤᠳᠠᠯ ᠤᠳ ᠤᠨ ᠲᠤᠬᠠᠢ ᠬᠠᠷᠢᠭᠤᠯᠵᠠᠢ᠃ | ᠠᠰᠠᠭᠤᠯᠲᠠ᠄ ᠣᠶᠢᠷ᠎ᠠ ᠳᠤ ᠴᠥᠭᠡᠨ ᠪᠤᠰᠤ ᠭᠠᠵᠠᠷ ᠤᠨ ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶᠠᠨ ᠳᠤ | ᠬᠥᠮᠥᠨ ᠳᠦᠭᠦᠷᠴᠦ ᠪᠠᠶᠢᠨ᠎ᠠ᠂ ᠡᠭᠦᠨ ᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠠᠮᠠᠷ | ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ ᠪᠠᠶᠢᠭ᠎ᠠ ᠪᠤᠶ︖ | ᠬᠠᠷᠢᠭᠤᠯᠲᠠ᠄ ᠣᠶᠢᠷ᠎ᠠ ᠳᠤ ᠪᠢᠳᠡ ᠬᠠᠯᠳᠠᠪᠤᠷᠢᠲᠤ ᠡᠪᠡᠳᠴᠢᠨ ᠶᠡᠭᠡ ᠪᠠᠷ ᠳᠡᠯᠭᠡᠷᠡᠵᠦ ᠪᠠᠶᠢᠭ᠎ᠠ | ᠬᠤᠭᠤᠴᠠᠭᠠᠨ ᠳᠠᠬᠢ ᠬᠠᠯᠳᠠᠪᠤᠷᠢᠯᠠᠮᠠᠲᠠᠭᠠᠢ ᠬᠡᠦᠬᠡᠳ ᠢ ᠡᠮᠴᠢᠯᠡᠭᠦᠯᠬᠦ ᠶᠢ ᠦᠷᠭᠦᠯᠵᠢᠯᠡᠨ ᠠᠩᠬᠠᠷᠴᠤ᠂ ᠡᠯ᠎ᠡ ᠭᠠᠵᠠᠷ ᠢ | ᠵᠢᠯᠣᠭᠤᠳᠤᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠱᠠᠲᠤ ᠬᠤᠪᠢᠶᠠᠨ ᠣᠨᠣᠰᠢᠯᠠᠨ | ᠡᠮᠴᠢᠯᠡᠬᠦ ᠳᠦᠷᠢᠮ ᠢ ᠨᠠᠶᠢᠳᠠᠪᠤᠷᠢᠵᠢᠭᠤᠯᠪᠠ᠃ | ᠠᠰᠠᠭᠤᠯᠲᠠ᠄ ᠬᠡᠰᠡᠭ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠣᠶᠢᠷ᠎ᠠ ᠳᠤ ᠬᠡᠦᠬᠡᠳ ᠲᠤ | ᠬᠠᠨᠳᠤᠭᠤᠯᠤᠭᠰᠠᠨ ᠪᠠᠶᠢᠴᠠᠭᠠᠬᠤ ᠦᠢᠯᠡᠴᠢᠯᠡᠭᠡ ᠭᠠᠷᠭᠠᠭᠰᠠᠨ ᠪᠣᠯᠪᠠᠴᠤ ᠵᠠᠷᠢᠮ ᠭᠡᠷ ᠤᠨ ᠠᠬᠠᠮᠠᠳ ᠨᠡᠶᠢᠭᠡᠮ | ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠴᠢᠯᠡᠬᠦ ᠴᠢᠳᠠᠪᠤᠷᠢ ᠬᠦᠷᠦᠯᠴᠡᠬᠦ ᠦᠭᠡᠢ ᠠᠴᠠ ᠪᠣᠯᠵᠤ | ᠬᠡᠦᠬᠡᠳ ᠤᠨ ᠡᠪᠡᠳᠴᠢᠨ ᠢ ᠰᠠᠭᠠᠲᠠᠭᠠᠬᠤ ᠠᠴᠠ ᠠᠶᠤᠵᠤ ᠪᠠᠶᠢᠨ᠎ᠠ᠂ ᠶᠠᠭᠠᠬᠢᠪᠠᠯ ᠵᠣᠬᠢᠬᠤ ᠪᠣᠶ︖ | ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ ᠡᠮᠴᠢᠯᠡᠭᠡᠨ ᠤ | ᠬᠤᠯᠪᠣᠭ᠎ᠠ ᠶᠢᠨ ᠦᠢᠯᠡᠳᠦᠯ ᠢᠶᠠᠨ ᠪᠠᠳᠠᠷᠠᠭᠤᠯᠵᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠠᠬᠢ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠡᠩ ᠤᠨ ᠴᠢᠨᠠᠷᠲᠠᠢ ᠬᠠᠯᠳᠠᠪᠤᠷᠢᠯᠠᠯ ᠢ | ᠣᠨᠣᠰᠢᠯᠠᠨ ᠡᠮᠴᠢᠯᠡᠬᠦ ᠴᠢᠳᠠᠪᠤᠷᠢ ᠪᠠ ᠬᠦᠨᠳᠦ ᠡᠪᠡᠳᠴᠢᠨ ᠢ ᠢᠯᠭᠠᠨ ᠲᠠᠨᠢᠵᠤ ᠰᠢᠯᠵᠢᠭᠦᠯᠦᠨ ᠡᠮᠴᠢᠯᠡᠭᠦᠯᠬᠦ | ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠠᠰᠠᠭᠤᠯᠲᠠ᠄ ᠶᠠᠮᠠᠷ ᠶᠠᠮᠠᠷ ᠡᠮᠨᠡᠯᠭᠡ ᠶᠢᠨ ᠬᠤᠷᠢᠶ᠎ᠠ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ | ᠡᠪᠡᠳᠴᠢᠲᠡᠨ ᠢ ᠬᠦᠯᠢᠶᠡᠨ ᠠᠪᠬᠤ ᠬᠢᠷᠢ ᠬᠡᠮ ᠲᠠᠢ ᠪᠣᠢ︖ | ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ ᠵᠢᠭᠠᠨ | ᠵᠢᠯᠤᠭᠤᠳᠴᠤ ᠪᠠᠶᠢᠭᠠᠳ ᠲᠣᠰ ᠭᠠᠵᠠᠷ ᠤᠨ ᠬᠡᠦᠬᠡᠳ ᠤᠨ ᠰᠠᠯᠠᠭᠠᠨ ᠤ ᠣᠨᠣᠰᠢᠯᠠᠨ ᠡᠮᠴᠢᠯᠡᠬᠦ ᠦᠢᠯᠡᠴᠢᠯᠡᠭᠡ | ᠬᠠᠩᠭᠠᠵᠤ ᠪᠣᠯᠬᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠶᠢ ᠨᠡᠶᠢᠲᠡᠯᠡᠵᠦ᠂ ᠣᠶᠢᠷ᠎ᠠ ᠬᠠᠪᠢ ᠳᠤ ᠪᠠᠨ | ᠡᠮᠴᠢᠯᠡᠭᠦᠯᠬᠦ ᠳᠤ ᠳᠥᠬᠦᠮᠯᠡᠪᠡ᠃ | ᠠᠰᠠᠭᠤᠯᠲᠠ᠄ ᠬᠡᠦᠬᠡᠳ ᠬᠠᠯᠠᠭᠤᠷᠠᠵᠤ ᠬᠠᠨᠢᠶᠠᠭᠰᠠᠨ ᠤ ᠳᠠᠷᠠᠭ᠎ᠠ ᠶᠠᠭᠠᠬᠢᠪᠠᠯ ᠵᠣᠬᠢᠬᠤ ᠪᠣᠢ︖ | ᠬᠠᠷᠢᠭᠤᠯᠲᠠ᠄ ᠲᠣᠮᠣ ᠡᠮᠨᠡᠯᠭᠡ ᠶᠢᠨ ᠬᠤᠷᠢᠶᠠᠨ ᠳᠤ ᠬᠥᠮᠥᠨ ᠣᠯᠠᠨ᠂ ᠬᠦᠯᠢᠶᠡᠬᠦ ᠴᠠᠭ ᠨᠢ ᠤᠷᠲᠤ᠂ | ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠥᠨᠳᠥᠷ᠂ ᠡᠪᠡᠳᠴᠢᠨ ᠤ ᠪᠠᠶᠢᠳᠠᠯ ᠨᠢ ᠨᠡᠯᠢᠶᠡᠳ ᠬᠥᠩᠭᠡᠨ | ᠬᠡᠦᠬᠡᠳ ᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭ᠎ᠠ ᠵᠡᠷᠭᠡ ᠳᠤ ᠡᠮᠴᠢᠯᠡᠭᠦᠯᠬᠦ ᠶᠢ ᠰᠠᠨᠠᠭᠤᠯᠤᠨ᠎ᠠ᠃ ᠬᠡᠦᠬᠡᠳ ᠤᠨ | ᠲᠤᠰᠬᠠᠢ ᠡᠮᠨᠡᠯᠭᠡ ᠶᠢᠨ ᠬᠤᠷᠢᠶ᠎ᠠ ᠣᠨᠣᠰᠢᠯᠠᠨ ᠡᠮᠴᠢᠯᠡᠬᠦ ᠲᠥᠰᠥᠯ ᠢ ᠲᠣᠳᠣᠷᠬᠠᠶᠢᠯᠠᠭᠰᠠᠨ ᠤ ᠳᠠᠷᠠᠭ᠎ᠠ᠂ | ᠡᠮᠴᠢᠯᠡᠭᠡᠨ ᠤ ᠬᠤᠯᠪᠣᠭ᠎ᠠ ᠪᠠᠷ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠵᠦ | ᠦᠷᠭᠦᠯᠵᠢᠯᠡᠨ ᠡᠮᠴᠢᠯᠡᠭᠦᠯᠬᠦ ᠪᠤᠶᠤ ᠭᠡᠷ ᠲᠤ ᠪᠠᠨ ᠡᠮᠴᠢᠯᠡᠭᠦᠯᠵᠦ ᠪᠣᠯᠣᠨ᠎ᠠ᠃ | ᠠᠰᠠᠭᠤᠯᠲᠠ᠄ ᠬᠡᠦᠬᠡᠳ ᠶᠠᠮᠠᠷ ᠢᠯᠡᠷᠡᠯ ᠭᠠᠷᠪᠠᠯ ᠵᠠᠪᠠᠯ ᠡᠮᠨᠡᠯᠭᠡ ᠳᠤ ᠡᠮᠴᠢᠯᠡᠭᠦᠯᠬᠦ ᠬᠡᠷᠡᠭᠲᠡᠢ ᠪᠣᠢ︖ | ᠬᠠᠷᠢᠭᠤᠯᠲᠠ᠄ ᠮᠡᠷᠭᠡᠵᠢᠯᠲᠡᠨ ᠤ ᠰᠠᠨᠠᠭᠤᠯᠭ᠎ᠠ ᠶᠢ ᠦᠨᠳᠦᠰᠦᠯᠡᠪᠡᠯ᠂ ᠬᠡᠦᠬᠡᠳ ᠬᠡᠳᠦ ᠥᠨᠳᠥᠷ ᠬᠠᠯᠠᠭᠤᠷᠠᠬᠤ | ᠪᠤᠶᠤ ᠦᠷᠭᠦᠯᠵᠢᠯᠡᠨ ᠬᠠᠯᠠᠭᠤᠷᠠᠭᠠᠳ ᠭᠤᠷᠪᠠᠨ ᠡᠳᠦᠷ ᠠᠴᠠ ᠬᠡᠲᠦᠷᠡᠭᠰᠡᠨ᠂ ᠪᠠᠶᠢᠨ ᠳᠠᠬᠢᠨ ᠬᠠᠨᠢᠶᠠᠵᠤ ᠬᠡᠪ ᠤᠨ | ᠠᠮᠢᠳᠤᠷᠠᠯ ᠢ ᠨᠢ ᠨᠥᠯᠥᠭᠡᠯᠡᠭᠰᠡᠨ᠂ ᠤᠶᠢᠳᠬᠠᠷᠯᠠᠬᠤ ᠴᠢᠨᠠᠭᠰᠢᠯᠠᠪᠠᠯ ᠮᠠᠩᠰᠢᠭᠤᠷᠠᠬᠤ᠂ ᠠᠮᠢᠰᠬᠤᠭ᠎ᠠ ᠳᠠᠪᠬᠤᠴᠠᠬᠤ | ᠪᠤᠶᠤ ᠴᠢᠬᠤᠯᠳᠠᠬᠤ᠂ ᠪᠠᠶᠢᠨ ᠳᠠᠬᠢᠨ ᠪᠥᠭᠡᠯᠵᠢᠬᠦ᠂ ᠠᠷᠠᠰᠤᠨ ᠡᠰᠡᠷᠭᠡᠨ᠎ᠡ ᠭᠠᠷᠬᠤ᠂ ᠲᠣᠯᠣᠭᠠᠢ ᠡᠪᠡᠳᠬᠦ ᠪᠤᠶᠤ | ᠲᠠᠲᠠᠪᠠᠯᠵᠠᠬᠤ ᠵᠡᠷᠭᠡ ᠢᠯᠡᠷᠡᠯ ᠲᠠᠢ ᠪᠣᠯ ᠴᠠᠭ ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ᠃ |