ᠰᠢᠨ᠎ᠡ ᠰᠤᠳᠤᠯᠭᠠᠨ᠄ ᠦᠬᠡᠷ ᠬᠤᠨᠢᠨ ᠤ ᠮᠢᠬ᠎ᠠ ᠪᠠ ᠰᠦ ᠶᠢᠨ ᠳᠣᠲᠣᠷᠠᠬᠢ ᠨᠢᠭᠡ ᠵᠦᠢᠯ ᠤᠨ ᠪᠣᠳᠠᠰ ᠥᠮᠡᠨ ᠢ ᠰᠡᠷᠭᠡᠶᠢᠯᠡᠬᠦ ᠳᠤ ᠲᠤᠰᠠᠳᠠᠢ
ᠨᠡᠶᠢᠲᠡᠯᠡᠭᠰᠡᠨ ᠴᠠᠭ᠄
2023/11/29
      ᠰᠢᠨᠬᠤᠸᠠ ᠬᠤᠷᠢᠶᠠᠨ ᠤ ᠸᠠᠰᠢᠩᠲ᠋ᠣᠨ ᠤ 11 ᠰᠠᠷ᠎ᠠ ᠶᠢᠨ 28᠎ ᠤ ᠡᠳᠦᠷ ᠤᠨ ᠮᠡᠳᠡᠭᠡ ᠠᠮᠧᠷᠢᠺᠠ ᠶᠢᠨ ᠨᠢᠭᠡᠨ ᠰᠢᠨ᠎ᠡ ᠰᠤᠳᠤᠯᠭᠠᠨ ᠳᠤ᠂ ᠦᠬᠡᠷ ᠬᠤᠨᠢ ᠵᠡᠷᠭᠡ ᠬᠡᠪᠢᠭᠴᠢ ᠠᠮᠢᠳᠠᠨ ᠤ ᠮᠢᠬ᠎ᠠ ᠪᠣᠯᠤᠨ ᠰᠦ ᠶᠢᠨ ᠲᠤᠳᠤᠷᠠᠬᠢ ᠨᠢᠭᠡ ᠵᠦᠢᠯ ᠤᠨ ᠪᠣᠳᠠᠰ ᠨᠢ ᠬᠠᠪᠤᠳᠠᠷ ᠢ ᠰᠡᠷᠭᠡᠶᠢᠯᠡᠬᠦ ᠡᠭᠡᠯᠢᠯᠡᠭᠡ ᠶᠢᠨ ᠡᠰ ᠢ ᠬᠥᠭᠵᠢᠭᠡᠵᠦ᠂ ᠤᠯᠠᠨ ᠵᠦᠢᠯ ᠤᠨ ᠥᠮᠡᠨ ᠢ ᠰᠡᠷᠭᠡᠶᠢᠯᠡᠬᠦ ᠳᠠᠯᠳᠠ ᠬᠦᠴᠦᠨ ᠲᠠᠢ ᠪᠠᠶᠢᠨ᠎ᠠ ᠭᠡᠵᠦ ᠬᠡᠯᠡᠪᠡ᠃       ᠠᠮᠧᠷᠢᠺᠠ ᠶᠢᠨ ᠴᠢᠺᠠᠭᠤ᠋ ᠶᠡᠭᠡ ᠰᠤᠷᠭᠠᠭᠤᠯᠢ ᠵᠡᠷᠭᠡ ᠪᠠᠶᠢᠭᠤᠯᠤᠮᠵᠢ ᠶᠢᠨ ᠰᠤᠳᠤᠯᠭᠠᠲᠠᠨ ᠲᠦᠷᠦᠭᠦᠬᠡᠨ ᠠᠩᠭ᠍ᠯᠢ ᠶᠢᠨ ︽ᠪᠠᠶᠢᠭᠠᠯᠢ︾ ᠰᠡᠳᠬᠦᠯ ᠳᠤ ᠥᠭᠦᠯᠡᠯ ᠨᠡᠶᠢᠲᠡᠯᠡᠵᠦ ᠬᠡᠯᠡᠬᠦ ᠳᠡᠭᠡᠨ᠂ ᠦᠬᠡᠷ ᠬᠤᠨᠢ ᠵᠡᠷᠭᠡ ᠬᠡᠪᠢᠭᠴᠢ ᠠᠮᠢᠲᠠᠨ ᠤ ᠮᠢᠬ᠎ᠠ ᠪᠣᠯᠤᠨ ᠰᠦ ᠶᠢᠨ ᠲᠤᠳᠤᠷ᠎ᠠ ᠨᠢᠭᠡ ᠵᠦᠢᠯ ᠤᠨ ᠲᠠᠰᠢᠭᠤ ᠢᠽᠤ᠋ ᠬᠦᠴᠢᠯ ︵TVA︶ ᠠᠭᠤᠯᠤᠭᠳᠠᠵᠤ ᠪᠠᠶᠢᠨ᠎ᠠ᠂ ᠲᠡᠷᠡ ᠨᠢ ᠵᠠᠷᠢᠮ ᠡᠭᠡᠯᠢᠯᠡᠭᠡ ᠶᠢᠨ ᠡᠰ ᠤᠨ ᠬᠠᠪᠤᠳᠠᠷ ᠢ ᠰᠡᠷᠭᠡᠶᠢᠯᠡᠬᠦ ᠢᠳᠡᠪᠬᠢ ᠴᠢᠨᠠᠷ ᠢ ᠴᠢᠩᠭᠠᠯᠠᠬᠤ ᠶᠢᠨ ᠤᠯᠠᠮ ᠢᠶᠠᠷ ᠥᠮᠡᠨ ᠡᠪᠡᠳᠴᠢᠨ ᠢ ᠰᠡᠷᠭᠡᠶᠢᠯᠡᠬᠦ ᠳᠤ ᠲᠤᠰᠠᠯᠠᠳᠠᠭ ᠭᠡᠵᠡᠶ᠃       ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠬᠠᠷ᠎ᠠ ᠥᠩᠭᠡᠲᠦ ᠡᠳ᠋ ᠤᠨ ᠬᠠᠪᠤᠳᠠᠷ ᠲᠠᠢ ᠪᠢᠴᠢᠬᠠᠨ ᠬᠤᠯᠤᠭᠠᠨ᠎ᠠ ᠳᠤ TVA ᠡᠯᠪᠡᠭ ᠠᠭᠤᠯᠤᠭᠳᠠᠬᠤ ᠢᠳᠡᠭᠡᠨ ᠢ ᠢᠳᠡᠬᠦᠯᠦᠭᠰᠡᠨ ᠤ ᠳᠠᠷᠠᠭ᠎ᠠ᠂ ᠬᠠᠪᠤᠳᠠᠷ ᠤᠨ ᠥᠰᠥᠯᠲᠡ ᠨᠢ ᠬᠠᠷᠢᠴᠠᠩᠭᠤᠢ ᠪᠠᠷ ᠬᠤᠷᠢᠭᠯᠠᠭᠳᠠᠪᠠ︔ ᠯᠢᠮᠹᠠ ᠶᠢᠨ ᠬᠠᠪᠤᠳᠠᠷ ᠤᠨ ᠡᠪᠡᠳᠴᠢᠲᠡᠨ ᠤ ᠲᠤᠳᠤᠷᠠᠬᠢ ᠴᠢᠰᠤᠨ ᠳᠣᠲᠣᠷᠠᠬᠢ TVA᠎ ᠶᠢᠨ ᠠᠭᠤᠯᠤᠭᠳᠠᠴᠠ ᠥᠨᠳᠥᠷ ᠬᠥᠮᠦᠨ ᠨᠢ ᠡᠭᠡᠯᠢᠯᠡᠭᠡ ᠶᠢᠨ ᠵᠠᠰᠠᠯ ᠬᠦᠷᠳᠡᠭᠰᠡᠨ ᠤ ᠲᠠᠷᠠᠭ᠎ᠠ ᠬᠠᠷᠢᠭᠤ ᠲᠤᠰᠬᠠᠯ ᠢᠶᠠᠷ ᠨᠡᠩ ᠰᠠᠶᠢᠨ ᠪᠠᠶᠢᠨ᠎ᠠ︔ ᠬᠥᠮᠦᠨ ᠲᠥᠷᠥᠯᠬᠢᠲᠡᠨ ᠤ ᠡᠪᠡᠳᠴᠢᠲᠡᠨ ᠤ ᠪᠡᠶ᠎ᠡ ᠠᠴᠠ ᠭᠠᠷᠭᠠᠨ ᠠᠪᠤᠭᠰᠠᠨ ᠴᠢᠰᠤ ᠴᠠᠶᠢᠬᠤ ᠡᠪᠡᠳᠴᠢᠨ ᠤ ᠡᠰ ᠲᠤ ᠬᠢᠭᠰᠡᠨ ᠲᠤᠷᠰᠢᠯᠲᠠ ᠠᠴᠠ ᠦᠵᠡᠪᠡᠯ᠂ TVA᠎ ᠨᠢ ᠡᠭᠡᠯᠢᠯᠡᠭᠡ ᠶᠢᠨ ᠡᠮᠴᠢᠯᠡᠭᠡᠨ ᠤ ᠡᠮ ᠤᠨ ᠡᠳᠡᠭᠡᠷ ᠡᠰ ᠢ ᠠᠯᠠᠬᠤ ᠴᠢᠳᠠᠪᠤᠷᠢ ᠶᠢ ᠳᠡᠭᠡᠭᠰᠢᠯᠡᠭᠦᠯᠳᠡᠭ᠃       ᠲᠠᠨᠢᠯᠴᠠᠭᠤᠯᠤᠭᠰᠠᠨ ᠢᠶᠠᠷ᠂ TVA᠎ ᠨᠢ ᠬᠥᠮᠦᠨ ᠲᠥᠷᠥᠯᠬᠢᠲᠡᠨ ᠤ ᠡᠬᠡ ᠶᠢᠨ ᠰᠦ ᠳᠤ ᠣᠷᠣᠰᠢᠳᠠᠭ᠂ ᠭᠡᠪᠡᠴᠦ ᠬᠥᠮᠦᠨ ᠤ ᠪᠡᠶ᠎ᠡ ᠳᠤ ᠶᠡᠷᠦ ᠠᠴᠠ ᠡᠶᠢᠮᠦᠷᠬᠦᠦ ᠪᠣᠳᠠᠰ ᠡᠭᠦᠰᠬᠦ ᠦᠭᠡᠢ᠂ ᠡᠨᠡ ᠨᠢ ᠭᠤᠣᠯᠳᠠᠭᠤ ᠢᠳᠡᠭᠡᠨ ᠤᠮᠳᠠᠭᠠᠨ ᠠᠴᠠ ᠢᠷᠡᠯᠲᠡ ᠲᠠᠢ᠃       ᠬᠡᠳᠦ᠋ᠢᠪᠡᠷ TVA᠎ ᠨᠢ ᠥᠮᠡᠨ ᠢ ᠰᠡᠷᠭᠡᠶᠢᠯᠡᠬᠦ ᠳᠤ ᠲᠤᠰᠠᠲᠠᠶ ᠳᠠᠯᠳᠠ ᠬᠦᠴᠦᠨ ᠲᠠᠢ ᠪᠠᠶᠢᠳᠠᠭ ᠪᠣᠯᠪᠠᠴᠤ᠂ ᠡᠭᠦᠨ ᠠᠴᠠ ᠪᠣᠯᠵᠣ ᠮᠢᠬ᠎ᠠ ᠪᠠ ᠴᠠᠭᠠᠨ ᠢᠳᠡᠭᠡ ᠬᠡᠲᠦ ᠠᠷᠪᠢᠨ ᠢᠳᠡᠬᠦ ᠴᠢᠬᠤᠯᠠ ᠥᠬᠡᠶ᠂ ᠤᠴᠢᠷ ᠨᠢ ᠤᠯᠠᠭᠠᠨ ᠮᠢᠬ᠎ᠠ ᠬᠡᠲᠦ ᠠᠷᠪᠢᠨ ᠢᠳᠡᠬᠦ ᠵᠡᠷᠭᠡ ᠨᠢ ᠬᠥᠬᠦᠨ ᠪᠤᠯᠴᠢᠷᠬᠠᠶ ᠶᠢᠨ ᠥᠮᠡᠨ ᠪᠠ ᠬᠤᠰᠬᠢᠨᠠᠭ ᠤᠨ ᠥᠮᠡᠨ ᠳᠤ ᠨᠡᠷᠪᠡᠭᠳᠡᠬᠦ ᠠᠶᠤᠯ ᠢ ᠨᠡᠮᠡᠭᠳᠡᠭᠦᠯᠵᠦ ᠮᠡᠳᠡᠨ᠎ᠡ ᠭᠡᠵᠦ ᠰᠤᠳᠤᠯᠭᠠᠲᠠᠳ ᠰᠠᠨᠠᠭᠤᠯᠪᠠ᠃ ᠰᠤᠳᠤᠯᠭᠠᠲᠠᠳ᠄ ᠬᠤᠯᠪᠣᠭᠳᠠᠯ ᠪᠥᠬᠦᠶ ᠪᠣᠳᠠᠰ ᠡᠯᠪᠡᠭ ᠠᠭᠤᠯᠤᠭᠰᠠᠨ ᠨᠥᠬᠦᠪᠥᠷᠢ ᠡᠳ᠋ ᠨᠢ ᠡᠲᠡᠭᠡᠷ ᠢᠳᠡᠭᠡᠨ ᠢ ᠰᠢᠭᠤᠳ ᠢᠳᠡᠬᠦ ᠠᠴᠠ ᠨᠠᠩ ᠲᠤᠰᠠᠲᠠᠶ ᠪᠠᠶᠢᠵᠤ ᠮᠡᠳᠡᠨ᠎ᠡ ᠭᠡᠵᠦ ᠬᠡᠯᠡᠪᠡ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号