ᠰᠣᠭᠲᠣᠭᠤᠷᠠᠭᠠᠳ ᠪᠤᠴᠠᠬᠤ ᠵᠠᠮ ᠢᠶᠠᠨ ᠮᠡᠳᠡᠬᠦ ᠦᠭᠡᠶ ᠪᠠᠶᠢᠨ᠎ᠠ ᠤᠤ︖ ᠳᠠᠯᠠᠨ ᠪᠤᠯᠠᠭ ᠤᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠰᠣᠭᠲᠣᠭᠤ ᠡᠷᠡᠭᠲᠡᠢ ᠶᠢ ᠭᠡᠷ ᠲᠤᠨᠢ ᠬᠠᠮᠠᠭᠠᠯᠠᠨ ᠬᠦᠷᠭᠡᠪᠡ
ᠨᠡᠶᠢᠲᠡᠯᠡᠭᠰᠡᠨ ᠴᠠᠭ᠄
2023/11/30
C:\Users\Administrator\Desktop\新闻照片\1701223069130031980.jpg
    2023 ᠣᠨ ᠤ 11 ᠰᠠᠷ᠎ᠠ ᠶᠢᠨ 27᠎ ᠤ ᠡᠳᠦᠷ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠯᠠᠨ ᠪᠤᠯᠠᠭ ᠲᠣᠮᠢᠯᠠᠭᠰᠠᠨ ᠰᠠᠯᠪᠤᠷᠢ ᠶᠢᠨ ᠬᠢᠨ ᠨᠢᠭᠡᠨ ᠰᠣᠭᠲᠣᠭᠤ ᠡᠷᠡᠭᠲᠡᠶ ᠶᠢ ᠬᠠᠯᠠᠭᠤᠨ ᠰᠡᠳᠬᠢᠯ ᠢᠶᠠᠷ ᠠᠪᠤᠷᠠᠨ ᠲᠤᠰᠠᠯᠠᠵᠤ᠂ ᠰᠠᠨᠠᠭᠠᠨ ᠳᠤ ᠥᠬᠡᠶ ᠬᠡᠷᠡᠭ ᠭᠠᠷᠬᠤ ᠠᠴᠠ ᠴᠠᠭ ᠲᠤᠬᠠᠶ ᠳᠤᠨᠢ ᠵᠠᠶᠢᠯᠠᠰᠬᠢᠵᠡᠶ᠃ ᠲᠤᠬᠠᠶ ᠶᠢᠨ ᠡᠳᠦᠷ ᠤᠨ ᠣᠷᠣᠶ ᠶᠢᠨ 19 ᠴᠠᠭ ᠤᠨ ᠦᠶ᠎ᠡ ᠪᠠᠷ᠂ ᠳᠠᠯᠠᠨ ᠪᠤᠯᠠᠭ ᠤᠨ ᠲᠣᠮᠢᠯᠠᠭᠰᠠᠨ ᠰᠠᠯᠪᠤᠷᠢ ᠶᠢᠨ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠠᠷᠠᠳ ᠤᠨ ᠴᠠᠭᠳᠠᠭ᠎ᠠ ᠶᠢᠨ ᠴᠠᠭᠳᠠᠨ ᠪᠠᠶᠢᠴᠠᠭᠠᠬᠤ ᠦᠶ᠎ᠡ ᠳᠤ ᠨᠢᠭᠡᠨ ᠬᠦᠨᠳᠦ ᠰᠦᠷᠡᠬᠡᠶ ᠰᠣᠭᠲᠣᠭᠤ ᠡᠷᠡᠭᠲᠡᠶ ᠵᠠᠮ ᠤᠨ ᠬᠠᠵᠠᠭᠤ ᠳᠤ ᠬᠡᠪᠲᠡᠵᠦ ᠪᠠᠶᠢᠬᠤ ᠶᠢ ᠣᠯᠵᠤ ᠮᠡᠳᠡᠵᠡᠶ᠂ ᠠᠷᠠᠳ ᠤᠨ ᠴᠠᠭᠳᠠᠭ᠎ᠠ ᠳᠠᠷᠤᠶ ᠲᠦᠷᠭᠡᠨ ᠬᠦᠷᠴᠦ ᠪᠠᠶᠢᠳᠠᠯ ᠢ ᠣᠶᠢᠯᠠᠭᠠᠭᠰᠠᠨ ᠳᠤ᠂ ᠡᠷᠡᠭᠲᠡᠶ ᠶᠢᠨ ᠪᠥᠬᠦ ᠪᠡᠶ᠎ᠡ ᠠᠴᠠ ᠠᠷᠢᠬᠢᠨ ᠤ ᠦᠨᠦᠷ ᠬᠠᠩᠬᠤᠯᠵᠤ ᠪᠠᠶᠢᠬᠤ ᠶᠢ ᠣᠯᠵᠤ ᠮᠡᠳᠡᠵᠡᠶ᠃ ᠠᠩᠬ᠎ᠠ ᠠᠯᠬᠤᠮ ᠤᠨ ᠪᠠᠶᠢᠴᠠᠭᠠᠯᠲᠠ ᠪᠠᠷ ᠳᠠᠮᠵᠢᠭᠠᠳ ᠪᠡᠶ᠎ᠡ ᠶᠢᠨ ᠭᠠᠳᠠᠷ ᠰᠢᠷᠬ᠎ᠠ ᠨᠢ ᠢᠯᠡᠷᠬᠡᠶ ᠪᠢᠰᠢ ᠶᠤᠮ᠃ ᠣᠶᠢᠷ᠎ᠠ ᠶᠢᠨ ᠬᠡᠳᠦᠨ ᠡᠳᠦᠷ ᠲᠤ ᠠᠭᠤᠷ ᠠᠮᠢᠰᠬᠤᠯ ᠬᠠᠬᠢᠷ  ᠬᠦᠢᠲᠡᠨ᠂ ᠠᠭᠠᠷ ᠤᠨ ᠳᠤᠯᠠᠭᠠᠨ ᠨᠡᠯᠢᠶᠡᠳ ᠳᠣᠤᠷ᠎ᠠ᠂ ᠬᠡᠷᠪᠡ ᠴᠠᠭ ᠲᠤᠬᠠᠶ ᠳᠤᠨᠢ ᠣᠯᠵᠤ ᠮᠡᠳᠡᠭᠰᠡᠨ ᠥᠬᠡᠶ ᠪᠣᠯ ᠦᠷ᠎ᠡ ᠳ᠋ᠦᠩ ᠢ ᠨᠢ ᠲᠥᠰᠦᠭᠡᠯᠡᠬᠦ ᠶᠢᠨ ᠠᠷᠭ᠎ᠠ ᠥᠬᠡᠶ ᠶᠤᠮ᠃ ᠠᠷᠠᠳ ᠤᠨ ᠴᠠᠭᠳᠠᠭ᠎ᠠ ᠡᠷᠡᠭᠲᠡᠶ ᠶᠢ ᠭᠠᠵᠠᠷ ᠳᠡᠭᠡᠷ᠎ᠡ ᠠᠴᠠ ᠲᠡᠳᠬᠦᠨ ᠪᠤᠰᠬᠠᠵᠤ᠂ ᠲᠡᠭᠦᠨ ᠲᠠᠢ ᠨᠡᠪᠲᠡᠷᠡᠯᠴᠡᠬᠦ ᠪᠠᠷ ᠤᠷᠤᠯᠳᠤᠭᠰᠠᠨ ᠪᠣᠯᠪᠠᠴᠤ ᠰᠣᠭᠲᠣᠭᠤ ᠡᠷᠡᠭᠲᠡᠶ ᠶᠢᠨ ᠦᠵᠡᠯ ᠤᠬᠠᠮᠰᠠᠷ ᠪᠠᠯᠠᠷᠬᠠᠶ ᠪᠠᠶᠢᠵᠤ᠂ ᠬᠦᠴᠦᠨ ᠪᠦᠬᠦᠢ ᠪᠡᠶ᠎ᠡ ᠬᠡᠮ ᠤᠨ ᠮᠡᠳᠡᠭᠡ ᠵᠠᠩᠭᠢ ᠶᠢ ᠬᠠᠩᠭᠠᠵᠤ ᠴᠢᠳᠠᠬᠤ ᠦᠭᠡᠶ ᠪᠣᠯᠬᠤᠷ ᠴᠠᠭᠳᠠᠭ᠎ᠠ ᠲᠡᠭᠦᠨ ᠢ ᠲᠣᠮᠢᠯᠠᠭᠰᠠᠨ ᠰᠠᠯᠪᠤᠷᠢ ᠳᠤ ᠠᠪᠠᠴᠢᠵᠤ ᠲᠣᠬᠢᠲᠠᠶ ᠲᠥᠪᠬᠢᠨᠡᠭᠦᠯᠬᠦ ᠶᠢᠨ ᠲᠥᠯᠥᠭᠡ ᠠᠷᠭ᠎ᠠ ᠪᠤᠰᠤ ᠲᠡᠭᠦᠨ ᠢ ᠲᠣᠮᠢᠯᠠᠭᠰᠠᠨ ᠰᠠᠯᠪᠤᠷᠢ ᠳᠤ ᠠᠪᠠᠴᠢᠵᠠᠶ᠃ ᠰᠡᠭᠦᠯᠡᠷ ᠨᠢ ᠠᠷᠠᠳ ᠤᠨ ᠴᠠᠭᠳᠠᠭ᠎ᠠ ᠣᠯᠠᠨ ᠲᠠᠯ᠎ᠠ ᠠᠴᠠ ᠡᠷᠢᠵᠦ ᠲᠡᠭᠦᠨ ᠤ ᠭᠡᠷ ᠤᠨ ᠬᠥᠮᠦᠰ᠂ ᠭᠡᠷ ᠪᠦᠯᠢ ᠶᠢᠨ ᠬᠥᠮᠦᠰ ᠲᠠᠢ ᠬᠠᠷᠢᠯᠴᠠᠵᠤ᠂ ᠰᠤᠳᠤᠯᠭᠠᠨ ᠤ ᠭᠠᠵᠠᠷ ᠲᠤ ᠢᠷᠡᠭᠰᠡᠨ ᠤ ᠳᠠᠷᠠᠭ᠎ᠠ ᠲᠤᠰ ᠡᠷᠡᠭᠲᠡᠶ ᠶᠢ ᠠᠮᠤᠷ ᠲᠦᠪᠰᠢᠨ ᠢᠶᠠᠷ ᠭᠡᠷ ᠲᠤᠨᠢ ᠬᠦᠷᠭᠡᠵᠦ ᠥᠭᠴᠡᠶ᠃    ᠵᠢᠵᠢᠭ ᠰᠠᠵᠢᠭ ᠶᠠᠪᠤᠳᠠᠯ ᠤᠳ ᠲᠤ ᠡᠶᠡᠯᠳᠡᠭ ᠵᠥᠭᠡᠯᠡᠨ ᠰᠡᠳᠬᠢᠯᠭᠡ ᠶᠢ ᠢᠯᠡᠷᠡᠭᠦᠯᠵᠦ᠂ ᠠᠷᠠᠳ ᠲᠤ ᠦᠢᠯᠡᠴᠢᠯᠡᠬᠦ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠯᠠᠨ ᠪᠤᠯᠠᠭ ᠲᠣᠮᠢᠯᠠᠭᠰᠠᠨ ᠰᠠᠯᠪᠤᠷᠢ ᠶᠢᠨ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠨᠢᠭᠡᠪᠦᠷᠢ ᠶᠢ ᠨᠠᠷᠢᠨ ᠬᠢᠨᠠᠮᠠᠭᠠᠢ ᠪᠥᠭᠡᠳ ᠬᠦᠯᠢᠴᠡᠩᠭᠦᠢ ᠪᠠᠷ ᠠᠪᠤᠷᠠᠨ ᠲᠤᠰᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号