ᠪᠡᠭᠡᠵᠢᠩ ᠬᠤᠲᠠ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠳᠡᠯᠬᠡᠷᠡᠳᠡᠭ ᠤᠯᠠᠷᠢᠯ ᠳᠤ | ᠣᠷᠣᠵᠤ᠂ ᠬᠠᠯᠳᠠᠪᠤᠷᠢᠲᠤ ᠲᠠᠭᠰᠢᠭᠤᠷ᠂ ᠪᠤᠯᠴᠢᠷᠬᠠᠢ ᠶᠢᠨ ᠸᠢᠷᠦ᠋ᠰ᠂ ᠨᠡᠶᠢᠯᠡᠮᠡᠯ ᠡᠰᠲᠦ ᠸᠢᠷᠦ᠋ᠰ ᠵᠡᠷᠭᠡ ᠣᠯᠠᠨ | ᠵᠦᠢᠯ ᠤᠨ ᠡᠪᠡᠳᠴᠢᠨ ᠵᠡᠷᠭᠡᠪᠡᠷ ᠳᠡᠯᠬᠡᠷᠡᠵᠦ ᠪᠠᠶᠢᠨ᠎ᠠ᠃ ᠡᠬᠦᠨ ᠠᠴᠠ ᠪᠣᠯᠵᠤ᠂ ᠪᠡᠭᠡᠵᠢᠩ ᠤᠨ ᠬᠡᠦᠬᠡᠳ ᠤᠨ | ᠡᠮᠨᠡᠯᠭᠡ ᠶᠢᠨ ᠬᠤᠷᠢᠶ᠎ᠠ ᠶᠠᠭ ᠪᠥᠬᠦ ᠬᠦᠴᠦᠨ ᠢᠶᠠᠨ ᠳᠠᠶᠢᠴᠢᠯᠠᠨ ᠡᠪᠡᠳᠴᠢᠨ ᠳᠡᠯᠬᠡᠷᠡᠬᠦ ᠣᠷᠭᠢᠯ ᠬᠤᠭᠤᠴᠠᠭ᠎ᠠ ᠶᠢ | ᠠᠷᠭᠠᠴᠠᠭᠠᠵᠦ ᠪᠠᠶᠢᠨ᠎ᠠ᠃ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠣᠯᠠᠨ ᠠᠷᠭ᠎ᠠ ᠵᠠᠮ ᠢᠶᠠᠷ | ᠣᠷᠢᠶᠠᠯᠠᠵᠦ᠂ ᠣᠳᠣᠬᠠᠨ ᠳᠤ ᠡᠮᠨᠡᠯᠬᠡ ᠳᠤ ᠢᠷᠡᠬᠦ ᠡᠪᠡᠳᠴᠢᠳᠡᠨ ᠤᠪᠤᠭᠠᠷᠠᠵᠦ ᠪᠠᠶᠢᠬᠤ ᠣᠴᠢᠷ ᠠᠴᠠ ᠡᠪᠡᠳᠴᠢᠨ ᠤ | ᠢᠯᠡᠷᠡᠯ ᠭᠠᠷᠪᠠᠯ ᠣᠷᠢᠳᠠᠪᠠᠷ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ᠂ ᠬᠡᠦᠬᠡᠳ ᠤᠨ ᠰᠤᠳᠤᠯᠭᠠᠨ ᠤ | ᠭᠠᠵᠠᠷ ᠵᠡᠷᠭᠡ ᠬᠡᠦᠬᠡᠳ ᠲᠤ ᠬᠠᠨᠳᠣᠬᠰᠠᠨ ᠬᠤᠷᠢᠶ᠎ᠠ ᠳᠤ ᠣᠴᠢᠬᠤ ᠦᠭᠡᠢ᠂ ᠬᠠᠷᠢᠨ ᠬᠡᠦᠬᠡᠳ ᠡᠮᠨᠡᠬᠦ ᠬᠢᠷᠢ | ᠬᠡᠮ ᠲᠠᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠬᠤᠶᠠᠳᠤᠭᠠᠷ ᠭᠤᠷᠪᠠᠳᠤᠭᠠᠷ ᠳᠡᠰ ᠤᠨ ᠡᠮᠨᠡᠯᠭᠡ ᠶᠢᠨ | ᠬᠤᠷᠢᠶ᠎ᠠ ᠳᠤ ᠣᠴᠢᠬᠤ ᠶᠢ ᠰᠠᠨᠠᠭᠠᠴᠢᠯᠠᠵᠦ ᠪᠠᠶᠢᠭ᠎ᠠ ᠶᠤᠮ ᠪᠠᠶᠢᠨ᠎ᠠ᠃ |