ᠵᠢᠥ ᠶᠤᠸᠠᠨ ᠲᠣᠭᠤᠷᠢᠭ ᠤᠨ 2023 ᠣᠨ ᠤ ᠴᠢᠬᠤᠯᠠ ᠶᠡᠭᠡ ᠵᠦᠢᠯᠡᠰ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2023/11/30
    2023 ᠣᠨ ᠳᠤ ᠮᠠᠨ ᠤ ᠲᠣᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 68 ᠴᠢᠬᠤᠯᠠ ᠶᠡᠭᠡ ᠵᠦᠢᠯᠡᠰ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 845.88 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 185.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ 68 ᠴᠢᠬᠤᠯᠠ ᠶᠡᠭᠡ ᠵᠦᠢᠯᠡᠰ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ 184.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ 99.1% ᠳᠤ ᠬᠥᠷᠪᠡ᠂ ᠡᠭᠦᠨ ᠳᠤ ᠠᠵᠤ ᠦᠢᠯᠡᠰ ᠤᠨ ᠲᠥᠷᠥᠯ ᠤᠨ 35 ᠴᠢᠬᠤᠯᠠ ᠶᠡᠭᠡ ᠵᠦᠢᠯᠡᠰ ᠪᠠᠶᠢᠵᠤ᠂ 185.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃    ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠢᠶᠠᠷ ᠬᠤᠪᠢᠶᠠᠪᠠᠯ᠄ 34 ᠵᠦᠢᠯᠡᠰ ᠢ ᠰᠢᠨ᠎ᠡ ᠪᠠᠷ ᠠᠵᠢᠯ ᠡᠬᠢᠯᠡᠭᠦᠯᠵᠦ᠂ 128.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 95.2% ᠢ ᠪᠡᠶᠡᠯᠡᠭᠦᠯᠪᠡ︔ 34 ᠵᠦᠢᠯᠡᠰ ᠢ ᠦᠷᠭᠦᠯᠵᠢᠯᠡᠨ ᠪᠠᠶᠢᠭᠤᠯᠵᠤ᠂ 55.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 109.7% ᠶᠢ ᠪᠡᠶᠡᠯᠡᠭᠦᠯᠪᠡ᠃    ᠠᠵᠢᠯ ᠲᠥᠷᠥᠯ ᠢᠶᠠᠷ ᠨᠢ ᠬᠤᠪᠢᠶᠠᠪᠠᠯ᠄ ᠠᠵᠤ ᠦᠢᠯᠡᠳᠪᠦᠷᠢ ᠶᠢᠨ ᠵᠦᠢᠯᠡᠰ 28 ᠪᠠᠶᠢᠵᠤ᠂ 157.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 102.3% ᠳᠤ ᠬᠦᠷᠪᠡ︔ ᠦᠢᠯᠡᠴᠢᠯᠡᠭᠡᠨ ᠤ ᠦᠢᠯᠡᠰ ᠤᠨ ᠵᠦᠢᠯᠡᠰ 6 ᠪᠠᠶᠢᠵᠤ᠂ 2.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 32% ᠢ ᠪᠡᠶᠡᠯᠡᠭᠦᠯᠪᠡ︔ ᠲᠠᠷᠢᠶᠠᠯᠠᠩ ᠮᠠᠯ ᠠᠵᠤ ᠠᠬᠤᠢ ᠶᠢᠨ ᠵᠦᠢᠯᠡᠰ 4 ᠪᠠᠶᠢᠵᠤ᠂ 1.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 72.2% ᠢ ᠪᠡᠶᠡᠯᠡᠭᠦᠯᠪᠡ︔ ᠰᠠᠭᠤᠷᠢ ᠲᠥᠬᠦᠭᠡᠷᠦᠮᠵᠢ ᠶᠢᠨ ᠵᠦᠢᠯᠡᠰ 11 ᠪᠠᠶᠢᠵᠤ᠂ 4.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 87.8% ᠶᠢ ᠪᠡᠶᠡᠯᠡᠭᠦᠯᠪᠡ︔ ᠨᠡᠶᠢᠭᠡᠮ ᠤᠨ ᠦᠢᠯᠡᠰ ᠤᠨ ᠵᠦᠢᠯᠡᠰ 4 ᠪᠠᠶᠢᠵᠤ᠂ 4.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 307.8% ᠳᠤ ᠬᠦᠷᠪᠡ᠃    ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠬᠤᠪᠢᠶᠠᠷᠢᠯᠠᠯ᠄ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯᠡᠰ 59 ᠪᠠᠶᠢᠵᠤ᠂ 178.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 97.3% ᠳᠤ ᠬᠦᠷᠪᠡ︔ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ 9 ᠪᠠᠶᠢᠵᠤ᠂ 6.02 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 208.3% ᠳᠤ ᠬᠦᠷᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号