ᠬᠥᠳᠡᠯᠵᠦ ᠪᠠᠷᠢᠬᠤ ᠳᠤ ᠳᠥᠭᠦᠮ ᠦᠭᠡᠢ ᠴᠦ ᠪᠢᠲᠡᠭᠡᠢ ᠶᠠᠭᠠᠷᠠ᠂ ᠡᠭᠦᠳᠡᠨ ᠳᠤ ᠴᠢᠨᠢ ᠣᠴᠢᠵᠤ ᠦᠢᠯᠡᠴᠢᠯᠡᠨ᠎ᠡ—ᠵᠢᠦ ᠶᠤᠸᠠᠨ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠶᠡᠭᠡ ᠲᠢᠩᠬᠢᠮ ᠠᠴᠠ ᠡᠮᠨᠡᠯᠭᠡ ᠳᠤ ᠰᠠᠭᠤᠵᠤ ᠪᠠᠶᠢᠭ᠎ᠠ ᠰᠠᠭᠤᠭᠠᠯᠢ ᠠᠷᠠᠳ ᠲᠤ ᠬᠡᠷ ᠲᠤᠨᠢ ᠬᠦᠷᠴᠦ ᠦᠢᠯᠡᠴᠢᠯᠡᠭᠡ ᠬᠠᠩᠭᠠᠪᠠ
ᠨᠡᠶᠢᠲᠡᠯᠡᠭᠰᠡᠨ ᠴᠠᠭ᠄
2023/11/8
C:\Users\Administrator\Desktop\新闻照片\20.jpg
    11 ᠰᠠᠷ᠎ᠠ ᠶᠢᠨ 2᠎ ᠤᠨ ᠡᠳᠦᠷ ᠸᠠᠩ ᠠᠪᠠᠭ᠋ᠠᠶ ᠵᠢᠤ ᠶᠤᠸᠠᠨ ᠤ ᠥᠯᠥ ᠬᠥᠳᠡᠯᠬᠦ ᠬᠥᠷᠥᠩᠭᠡ ᠶᠢᠨ ᠶᠡᠭᠡ ᠲᠢᠩᠬᠢᠮ ᠳᠤ ᠢᠷᠡᠵᠦ ᠠᠰᠠᠭᠤᠨ ᠯᠠᠪᠯᠠᠬᠤ ᠳᠤ ᠡᠵᠢ ᠨᠢ ᠡᠮᠨᠡᠯᠭᠡ ᠳᠤ ᠡᠮᠨᠡᠭᠦᠯᠵᠦ ᠪᠠᠶᠢᠭ᠎ᠠ ᠪᠣᠯᠬᠤᠷ ᠲᠤᠬᠠᠶ ᠶᠢᠨ ᠭᠠᠵᠠᠷ ᠲᠤ ᠣᠴᠢᠵᠤ ᠠᠵᠢᠯ ᠬᠢᠵᠦ ᠴᠢᠳᠠᠬᠤ ᠦᠭᠡᠶ ᠪᠣᠯᠬᠤᠷ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ ᠪᠣᠯᠬᠤ ᠡᠰᠡᠬᠦ ᠲᠤᠬᠠᠶ ᠠᠰᠠᠭᠤᠨ ᠯᠠᠪᠯᠠᠵᠠᠶ᠃ ᠶᠡᠭᠡ ᠲᠢᠩᠬᠢᠮ ᠳᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠡᠷᠡ ᠳᠠᠷᠤᠶ ᠳᠤᠨᠢ ᠠᠵᠢᠯᠲᠠᠨ ᠲᠣᠬᠢᠷᠠᠭᠤᠯᠵᠤ᠂ ᠦᠨᠡᠮᠯᠡᠯ ᠠᠪᠬᠤ ᠮᠠᠲ᠋ᠧᠷᠢᠶᠠᠯ ᠪᠠ ᠰᠡᠭᠦᠳᠡᠷᠯᠡᠬᠦ ᠲᠥᠬᠦᠭᠡᠷᠦᠮᠵᠢ ᠪᠠᠨ ᠠᠪᠴᠤ᠂ ᠸᠠᠩ ᠠᠪᠠᠭ᠋ᠠᠶ ᠶᠢᠨ ᠡᠵᠢ ᠶᠢᠨ ᠬᠡᠷ ᠲᠤᠨᠢ ᠬᠦᠷᠴᠦ ᠦᠢᠯᠡᠴᠢᠯᠡᠬᠦ ᠪᠠᠷ ᠪᠣᠯᠪᠠ᠃ ᠶᠡᠭᠡ ᠲᠢᠩᠬᠢᠮ ᠤᠨ ᠴᠣᠩᠬᠤᠨ ᠤ ᠠᠵᠢᠯᠲᠠᠨ ᠡᠮᠨᠡᠯᠭᠡ ᠶᠢᠨ ᠬᠤᠷᠢᠶᠠᠨ ᠳᠤ ᠸᠠᠩ ᠠᠪᠠᠭ᠋ᠠᠶ ᠶᠢᠨ ᠡᠵᠢ ᠶᠢ ᠬᠠᠪᠰᠤᠷᠤᠨ ᠭᠠᠷ ᠤᠨ ᠦᠰᠦᠭ ᠵᠢᠷᠤᠵᠤ ᠰᠡᠭᠦᠳᠡᠷᠯᠡᠬᠦ ᠶᠢᠨ ᠬᠠᠮᠲᠤ ᠴᠠᠭ ᠨᠡᠮᠡᠵᠦ ᠠᠵᠢᠯᠯᠠᠭᠰᠠᠨ ᠮᠡᠳᠡᠭᠡ ᠵᠠᠩᠭᠢ ᠶᠢ ᠲᠡᠮᠳᠡᠭᠯᠡᠵᠦ᠂ ᠪᠦᠷᠢᠳᠬᠡᠭᠦᠯᠬᠦ ᠭᠠᠷ ᠭᠦᠢᠴᠡᠳᠬᠡᠯ ᠢ ᠤᠷᠤᠭᠰᠢᠲᠠᠶ ᠪᠡᠶᠡᠯᠡᠭᠦᠯᠵᠡᠶ᠃    ᠵᠢᠤ ᠶᠤᠸᠠᠨ ᠥᠯᠥ ᠬᠥᠳᠡᠯᠬᠦ ᠬᠥᠷᠥᠩᠭᠡ ᠶᠢ ᠭᠥᠯᠢᠶᠡᠨ ᠠᠪᠴᠤ ᠰᠢᠢᠳᠪᠤᠷᠢᠯᠡᠬᠦ ᠲᠢᠩᠬᠢᠮ ︽ᠥᠨᠳᠥᠷ ᠪᠦᠲᠦᠮᠵᠢᠲᠡᠶ ᠪᠥᠭᠡᠳ ᠠᠷᠠᠳ ᠲᠤ ᠲᠥᠬᠦᠮ ᠦᠵᠡᠭᠦᠯᠬᠦ᠂  ᠦᠢᠯᠡᠴᠢᠯᠡᠭᠡ ᠶᠢ ᠳᠡᠭᠡᠳᠦᠯᠡᠬᠦ︾  ᠦᠢᠯᠡᠴᠢᠯᠡᠭᠡᠨ ᠤ ᠵᠣᠷᠢᠯᠲᠠ ᠶᠢ ᠢᠮᠠᠭᠲᠠ ᠪᠠᠷᠢᠮᠲᠠᠯᠠᠵᠤ᠂ ᠬᠡᠷ ᠲᠤᠨᠢ ᠬᠦᠷᠴᠦ ᠦᠢᠯᠡᠴᠢᠯᠡᠬᠦ᠂ ᠴᠠᠭ ᠢ ᠤᠷᠲᠤᠳᠬᠠᠵᠤ ᠦᠢᠯᠡᠴᠢᠯᠡᠬᠦ᠂ ᠬᠠᠪᠰᠤᠷᠤᠨ ᠭᠦᠢᠴᠡᠳᠭᠡᠬᠦ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠠᠯᠠᠭᠤᠨ ᠳᠤᠯᠠᠭᠠᠨ ᠪᠠ ᠲᠥᠬᠦᠮ ᠨᠥᠬᠦᠴᠡᠯ ᠢ ᠭᠦᠢᠴᠡᠳ ᠮᠡᠳᠡᠷᠡᠭᠦᠯᠵᠦ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠦᠨᠡᠨ ᠬᠦ ᠰᠢᠢᠳᠪᠤᠷᠢᠯᠡᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号