ᠰᠢᠨᠵᠢᠯᠡᠬᠦ ᠤᠬᠠᠭᠠᠨᠴᠢ ᠪᠠᠷ ᠰᠢᠬᠢᠷ ᠢ ᠬᠢᠵᠠᠭᠠᠷᠯᠠᠨ ᠪᠠᠶᠠᠰᠭᠤᠯᠤᠩ ᠲᠠᠢ ᠠᠮᠢᠳᠤᠷᠠᠯ ᠪᠠᠨ ᠡᠳ᠋ᠯᠡᠨ᠎ᠡ
ᠨᠡᠶᠢᠲᠡᠯᠡᠭᠰᠡᠨ ᠴᠠᠭ᠄
2023/11/8
C:\Users\Administrator\Desktop\新闻照片\21.jpg
    ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠬᠦ ᠶᠢ ᠳᠠᠭᠠᠯᠳᠤᠨ᠂ ᠰᠢᠬᠢᠷ ᠰᠢᠵᠢᠩ ᠡᠪᠡᠳᠴᠢᠨ ᠤ ᠡᠪᠡᠳᠴᠢᠯᠡᠭᠰᠡᠳ ᠲᠠᠰᠤᠷᠠᠯᠲᠠ ᠦᠭᠡᠢ ᠵᠠᠯᠠᠭᠤᠵᠢᠬᠤ ᠬᠠᠨᠳᠤᠰᠢ ᠢᠯᠡᠷᠡᠨ᠎ᠡ᠃ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠪᠦᠲᠦᠮᠵᠢᠲᠡᠢ ᠤᠬᠠᠭᠤᠯᠤᠨ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠶᠢ ᠰᠡᠷᠡᠮᠵᠢᠯᠡᠬᠦ ᠪᠠ ᠴᠢᠬᠤᠯᠠᠴᠢᠯᠠᠬᠤ ᠶᠢ ᠳᠠᠶᠢᠴᠢᠯᠠᠬᠤ ᠶᠢᠨ ᠲᠥᠯᠥᠭᠡ᠂ 2023 ᠣᠨ ᠤ 11 ᠰᠠᠷ᠎ᠠ ᠶᠢᠨ 3᠎ ᠤ ᠡᠳᠦᠷ᠂ ᠰᠢᠩ ᠶᠤᠸᠠᠨ ᠭᠡᠷ ᠬᠤᠷᠢᠶᠠᠯᠠᠯ ᠲᠤ ᠰᠢᠬᠢᠷ ᠰᠢᠵᠢᠩ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠢᠩ ᠶᠤᠸᠠᠨ ᠭᠡᠷ ᠬᠤᠷᠢᠶᠠᠯᠠᠯ ᠤᠨ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠭᠡᠷ ᠬᠤᠷᠢᠶᠠᠯᠠᠯ ᠤᠨ ᠰᠠᠭᠤᠭᠠᠯᠢ ᠠᠷᠠᠳ ᠲᠤ ᠶᠠᠭᠤ ᠶᠢ ᠰᠢᠬᠢᠷ ᠰᠢᠵᠢᠩ ᠡᠪᠡᠳᠴᠢᠨ ᠭᠡᠬᠦ᠂ ᠰᠢᠬᠢᠷ ᠰᠢᠵᠢᠩ ᠡᠪᠡᠳᠴᠢᠨ ᠤ ᠬᠤᠣᠷ ᠬᠥᠨᠥᠭᠡᠯ ᠵᠢᠴᠢ ᠰᠢᠬᠢᠷ ᠰᠢᠵᠢᠩ ᠡᠪᠡᠳᠴᠢᠨ ᠢ ᠬᠡᠷᠬᠢᠨ ᠰᠡᠷᠭᠡᠶᠢᠯᠡᠬᠦ ᠵᠡᠷᠭᠡ ᠮᠡᠳᠡᠯᠭᠡ ᠶᠢ ᠲᠠᠶᠢᠯᠪᠤᠷᠢᠯᠠᠪᠠ᠃    ᠰᠠᠭᠤᠭᠠᠯᠢ ᠠᠷᠠᠳ ᠤᠨ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠲᠠ ᠬᠢᠬᠦ᠂ ᠢᠳᠡᠭᠡᠨ ᠤᠮᠳᠠᠭᠠᠨ ᠢᠶᠠᠨ ᠵᠣᠬᠢᠰᠲᠠᠶ ᠲᠣᠬᠢᠷᠠᠭᠤᠯᠬᠤ᠂ ᠠᠵᠢᠯᠯᠠᠵᠤ ᠠᠮᠠᠷᠠᠬᠤ ᠴᠠᠭ ᠢᠶᠠᠨ ᠵᠣᠬᠢᠰᠲᠠᠶ ᠲᠣᠬᠢᠷᠠᠭᠤᠯᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠤᠷᠲᠤ ᠬᠤᠭᠤᠴᠠᠭ᠎ᠠ ᠪᠠᠷ ᠤᠳᠠᠭᠠᠨ ᠰᠠᠭᠤᠬᠤ ᠠᠴᠠ ᠵᠠᠶᠢᠯᠠᠰᠬᠢᠬᠦ ᠵᠡᠷᠭᠡ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠵᠤ᠂ ᠰᠢᠬᠢᠷ ᠰᠢᠵᠢᠩ ᠡᠪᠡᠳᠴᠢᠨ ᠤ ᠡᠷᠡᠭᠦᠯ ᠮᠡᠨᠳᠦ ᠪᠠ ᠠᠮᠢᠳᠤᠷᠠᠯ ᠤᠨ ᠴᠢᠨᠠᠷ ᠴᠢᠨᠰᠠᠭ᠎ᠠ ᠳᠤ ᠦᠵᠡᠭᠦᠯᠬᠦ ᠨᠥᠯᠥᠭᠡ ᠶᠢ ᠪᠠᠭᠠᠰᠬᠠᠨ᠎ᠠ᠃
C:\Users\Administrator\Desktop\新闻照片\22.jpg
    ᠲᠤᠰ ᠤᠳᠠᠭᠠᠨ ᠤ ᠰᠢᠬᠢᠷ ᠰᠢᠵᠢᠩ ᠡᠪᠡᠳᠴᠢᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ᠂ ᠰᠠᠭᠤᠭᠠᠯᠢ ᠠᠷᠠᠳ ᠲᠤ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠡᠮᠨᠡᠨ ᠵᠠᠰᠠᠬᠤ ᠶᠢᠨ ᠴᠢᠬᠤᠯᠠ ᠴᠢᠨᠠᠷ ᠢ ᠲᠠᠨᠢᠭᠤᠯᠵᠤ᠂ ᠰᠢᠬᠢᠷ ᠰᠢᠵᠢᠩ ᠡᠪᠡᠳᠴᠢᠲᠡᠨ ᠤ ᠢᠳᠡᠭᠡᠨ ᠤᠮᠳᠠᠭᠠᠨ ᠤ ᠲᠠᠰᠢᠶᠠᠷᠠᠯ ᠵᠢᠴᠢ ᠠᠩᠬᠠᠷᠬᠤ ᠵᠦᠢᠯᠡᠰ ᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号