ᠰᠢ ᠶᠢᠨ ᠫᠢᠩ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠯᠢ ᠴᠢᠶᠠᠩ ᠼᠠᠢ ᠴᠢ ᠣᠷᠣᠯᠴᠠᠵᠠᠢ
ᠨᠡᠶᠢᠲᠡᠯᠡᠭᠰᠡᠨ ᠴᠠᠭ᠄
2023/12/1
    ᠰᠢᠨᠬᠤᠸᠠ ᠬᠤᠷᠢᠶ᠎ᠠ ᠶᠢᠨ ᠱᠠᠩᠬᠠᠢ ᠶᠢᠨ 11 ᠰᠠᠷ᠎ᠠ ᠶᠢᠨ 30᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30᠎ ᠤ ᠦᠳᠡ ᠶᠢᠨ ᠡᠮᠦᠨ᠎ᠡ ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ᠂ ᠠᠵᠤ ᠦᠢᠯᠡᠰ ᠤᠨ ᠥᠷᠢᠰᠦᠯᠳᠦᠬᠦ ᠬᠦᠴᠦᠨ᠂ ᠬᠥᠭᠵᠢᠯᠲᠡ ᠶᠢᠨ ᠴᠢᠳᠠᠪᠤᠷᠢ ᠲᠡᠰ ᠢ ᠤᠯᠠᠮ ᠳᠡᠭᠡᠭᠰᠢᠯᠡᠭᠦᠯᠵᠦ᠂ ᠨᠡᠩ ᠥᠨᠳᠥᠷ ᠲᠡᠰ ᠳᠠᠪᠬᠤᠷᠭ᠎ᠠ ᠶᠢᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠤᠷᠢᠳ ᠢᠶᠠᠷ ᠪᠦᠷᠢᠯᠳᠦᠭᠦᠯᠬᠦ ᠨᠢ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠢ ᠪᠠᠶᠢᠯᠭᠠᠬᠤ ᠡᠨᠡ ᠬᠤᠶᠠᠷ ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ ᠪᠦᠭᠦ ᠪᠥᠮᠪᠥᠷᠴᠡᠭ ᠤᠨ ᠬᠠᠷᠠᠭᠠᠰᠤ ᠪᠠ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠤᠢ ᠪᠤᠯᠭᠠᠵᠤ᠂ ᠣᠭᠲᠣᠬᠠᠨ ᠴᠤ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠳᠠᠭᠠᠭᠤᠯᠤᠭᠴᠢ ᠪᠣᠯᠵᠤ ᠳᠠᠶᠢᠴᠢᠯᠠᠬᠤ ᠪᠠ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠲᠠᠭᠤ ᠲᠤᠨᠤᠭ ᠤᠨ ᠬᠤᠯᠪᠣᠯᠳᠤᠨ ᠨᠡᠪᠲᠡᠷᠡᠯᠴᠡᠬᠦ ᠪᠠ ᠲᠣᠭᠲᠠᠴᠠ ᠶᠢᠨ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠰᠦᠪᠡᠭᠴᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ ᠡᠮᠦᠨ᠎ᠡ ᠨᠢ ᠬᠤᠰᠢᠭᠤᠷᠠᠵᠤ᠂ ᠤᠷᠢᠳ ᠢᠶᠠᠷ ᠵᠠᠮ ᠰᠦᠪᠡᠭᠴᠢᠯᠡᠬᠦ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
C:\Users\Administrator\Desktop\新闻照片\6383702291566754464650451.jpg
    11 ᠰᠠᠷ᠎ᠠ ᠶᠢᠨ 30᠎ ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃    ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠪᠠ᠃    ᠰᠢ ᠶᠢᠨ ᠫᠢᠩ ᠱᠠᠩᠬᠠᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠡᠨᠡ ᠤᠳᠠᠭ᠎ᠠ ᠶᠢᠨ ᠶᠠᠷᠢᠯᠴᠠᠬᠤ ᠬᠤᠷᠠᠯ ᠢ ᠲᠤᠰᠬᠠᠶᠢᠯᠠᠨ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ᠂ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ ᠰᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠢ ᠯᠢᠶᠠᠨ ᠬᠤᠩ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠴᠠᠢ᠃    ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ ᠬᠡᠷᠡᠭᠵᠢᠭᠦᠯᠦᠭᠰᠡᠨ 5 ᠵᠢᠯ ᠤᠨ ᠲᠤᠷᠰᠢ᠂ ᠲᠥᠯᠦᠪᠵᠢᠭᠦᠯᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠦᠭᠰᠡᠨ ᠪᠥᠭᠡᠳ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠷᠴᠢᠮᠲᠡᠢ ᠬᠥᠭᠵᠢᠶᠡᠨᠲᠡᠢ ᠨᠡᠮᠡᠭᠳᠡᠯ ᠤᠨ ᠲᠦᠢᠯ ᠤᠨ ᠴᠢᠳᠠᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠣᠯᠣᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠢ ᠢᠯᠡᠷᠡᠭᠦᠯᠦᠭᠰᠡᠨ ᠴᠢᠬᠤᠯᠠ ᠴᠣᠩᠬᠤᠪᠴᠢ ᠪᠣᠯᠣᠨ ᠮᠠᠨ ᠤ ᠤᠯᠤᠰ ᠤᠨ ᠤᠯᠠᠨ ᠤᠯᠤᠰ ᠤᠨ ᠥᠷᠢᠰᠦᠯᠳᠦᠭᠡᠨ ᠬᠠᠮᠲᠤᠷᠠᠯᠴᠠᠭ᠎ᠠ ᠳᠤ ᠣᠷᠤᠯᠴᠠᠬᠤ ᠴᠢᠬᠤᠯᠠ ᠲᠠᠪᠴᠠᠩ ᠤᠨ ᠦᠢᠯᠡᠳᠦᠯ ᠡᠳᠦᠷ ᠢᠷᠡᠬᠦᠶ᠎ᠡ ᠢᠯᠡᠷᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠣᠭᠰᠠᠨ ᠪᠠᠶᠢᠨ᠎ᠠ᠃ ᠡᠭᠦᠨ ᠤ ᠬᠠᠮᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ ᠮᠠᠰᠢ ᠤᠯᠠᠨ ᠭᠦᠨ ᠳᠠᠪᠬᠤᠷᠭ᠎ᠠ ᠶᠢᠨ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ᠂ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠣᠯᠣᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠮᠥᠨ ᠬᠦ ᠳᠡᠭᠡᠭᠰᠢᠯᠡᠭᠦᠯᠭᠦ ᠴᠢᠬᠤᠯᠠᠲᠠᠢ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠨᠢᠭᠡ ᠴᠣᠭᠴᠠᠵᠢᠯᠲᠠ ᠳᠤ ᠪᠠᠰᠠ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠵᠢᠯ ᠤᠨ ᠬᠤᠪᠢᠶᠠᠷᠢᠯᠠᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠴᠢᠬᠤᠯᠠᠲᠠᠢ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠴᠢᠨᠠᠭᠰᠢᠳᠠ ᠪᠠᠳᠠᠷᠠᠭᠤᠯᠬᠤ ᠴᠢᠬᠤᠯᠠᠲᠠᠢ᠂ ᠥᠭᠡᠷᠡᠴᠢᠯᠡᠯᠲᠡ ᠨᠡᠭᠡᠭᠡᠯᠲᠡ ᠶᠢ ᠪᠠᠰᠠ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠬᠦ ᠴᠢᠬᠤᠯᠠᠲᠠᠢ᠂ ᠭᠡᠳᠦ ᠶᠡᠭᠡ ᠣᠨᠴᠠ ᠶᠡᠭᠡ ᠬᠤᠳᠠ ᠶᠢᠨ ᠵᠠᠰᠠᠯᠲᠠ ᠪᠣᠯᠣᠨ ᠬᠥᠭᠵᠢᠯᠲᠡ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠪᠣᠯ ᠲᠣᠮᠣ ᠶᠠᠪᠤᠳᠠᠯ ᠮᠥᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠢᠭᠡ ᠡᠭᠡᠯᠵᠢ ᠨᠢ ᠨᠢᠭᠡ ᠡᠭᠡᠯᠵᠢ ᠪᠠᠨ ᠵᠠᠯᠭᠠᠨ ᠠᠪᠴᠤ ᠦᠷᠭᠦᠯᠵᠢᠯᠡᠨ ᠠᠵᠢᠯᠯᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠨ ᠣᠷᠣᠨ ᠪᠦᠰᠡ ᠠᠯᠤᠰᠯᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠤᠨ ᠪᠤᠢ ᠪᠤᠯᠬᠤ ᠶᠢ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠲᠠᠢ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠵᠦ᠂ ᠪᠦᠭᠦ ᠤᠯᠤᠰ ᠢ ᠲᠠᠶᠢᠴᠢᠯᠠᠨ ᠨᠥᠯᠥᠭᠡᠯᠡᠬᠦ ᠬᠡᠷᠡᠭᠲᠡᠢ᠃ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠪᠣᠯᠣᠨ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠣᠮᠲᠠ ᠶᠢ ᠴᠣᠭᠴᠠᠯᠠᠬᠤ ᠬᠡᠷᠡᠭᠲᠡᠢ᠃ ᠨᠡᠩ ᠨᠡᠭᠡᠭᠡᠯᠲᠡᠲᠡᠢ ᠰᠡᠳᠬᠢᠬᠦᠢ ᠪᠣᠯᠣᠨ ᠠᠷᠭ᠎ᠠ ᠬᠡᠮᠵᠢᠶ᠎ᠡ ᠪᠠᠷ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠣᠷᠣᠯᠴᠠᠵᠤ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠢᠶᠠᠷ ᠨᠡᠩ ᠶᠡᠭᠡ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠡᠷᠬᠡᠪᠰᠢ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠭᠠᠵᠠᠷ ᠣᠷᠣᠨ ᠤ ᠬᠡᠰᠡᠭᠯᠡᠯ ᠪᠠ ᠵᠠᠰᠠᠭ ᠵᠠᠬᠢᠷᠭᠠᠨ ᠤ ᠪᠠᠬᠢᠯᠡᠯᠲᠡ ᠶᠢ ᠡᠪᠳᠡᠵᠦ᠂ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡ ᠴᠣᠭᠴᠠᠵᠢᠭᠤᠯᠬᠤ ᠤᠬᠠᠮᠰᠠᠷ ᠢᠶᠠᠨ ᠴᠢᠩᠭᠠᠳᠬᠠᠵᠤ᠂ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠦᠷᠢᠮ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠣᠷᠣᠨ ᠪᠦᠰᠡ ᠳᠤ ᠨᠡᠩ ᠶᠡᠭᠡ ᠰᠢᠪᠲᠤᠯᠤᠯᠲᠠ ᠭᠠᠷᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠰᠲ᠋ᠧᠮ ᠲᠠᠢ ᠬᠤᠷᠠᠮᠳᠤᠯ ᠪᠠ ᠬᠠᠮᠵᠢᠯᠴᠠᠭ᠎ᠠ ᠶᠢ ᠴᠢᠩᠭᠠᠳᠬᠠᠵᠤ᠂ ᠨᠢᠭᠡ ᠴᠣᠭᠴᠠᠵᠢᠯᠲᠠ ᠶᠢ ᠨᠡᠩ ᠭᠦᠨ ᠳᠠᠪᠬᠤᠷᠭ᠎ᠠ ᠨᠡᠩ ᠥᠷᠭᠡᠨ ᠬᠦᠷᠢᠶ᠎ᠡ ᠲᠡᠶᠢᠰᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠦᠷᠢᠮ ᠤᠨ ᠵᠣᠯᠭᠠᠯᠴᠠᠭ᠎ᠠ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ᠂ ᠪᠠᠷᠢᠮᠵᠢᠶ᠎ᠠ ᠠᠳᠠᠯᠢᠰᠢᠬᠤ ᠶᠢ ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠡᠯ᠎ᠡ ᠬᠦᠷᠢᠶᠡᠨ ᠤ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠭᠦᠮ ᠦᠵᠡᠭᠦᠯᠵᠦ ᠬᠠᠮᠲᠤ ᠪᠠᠷ ᠡᠳ᠋ᠯᠡᠬᠦ ᠶᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠵᠠᠮ ᠬᠠᠷᠢᠯᠴᠠᠭᠠᠨ ᠤ ᠲᠣᠣᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ ᠣᠷᠣᠨ ᠪᠦᠰᠡ ᠠᠯᠤᠰᠯᠠᠨ ᠵᠣᠯᠭᠠᠭᠤᠯᠬᠤ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠮᠢ ᠠᠬᠤᠢ ᠶᠢᠨ ᠪᠣᠬᠢᠷᠳᠤᠯ ᠦᠭᠡᠢ ᠨᠢᠭᠡ ᠴᠣᠭᠴᠠᠵᠢᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠱᠢᠶ᠎ᠡ ᠦᠵᠡᠭᠦᠯᠭᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠥᠯᠦᠪᠵᠢᠭᠦᠯᠭᠡ᠂ ᠭᠠᠵᠠᠷ ᠰᠢᠷᠣᠢ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠠᠯᠤᠰᠯᠠᠨ ᠬᠠᠮᠵᠢᠯᠴᠠᠬᠤ ᠪᠠ ᠣᠷᠭᠠᠨᠢᠭ ᠢᠶᠠᠷ ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠲᠦᠷᠦᠯ ᠵᠦᠢᠯ ᠤᠨ ᠬᠠᠮᠵᠢᠯᠴᠠᠭ᠎ᠠ ᠠᠴᠠ ᠣᠷᠣᠨ ᠪᠦᠰᠡ ᠶᠢᠨ ᠨᠢᠭᠡ ᠴᠣᠭᠴᠠᠵᠢᠭᠰᠠᠨ ᠳᠦᠷᠢᠮ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠬᠡᠷᠡᠭᠲᠡᠢ᠃ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠵᠤ ᠦᠢᠯᠡᠰ ᠤᠨ ᠣᠷᠣᠨ ᠪᠦᠰᠡ ᠠᠯᠤᠰᠯᠠᠨ ᠰᠢᠯᠵᠢᠭᠦ ᠪᠠ ᠦᠢᠯᠡᠳᠪᠦᠷᠢᠯᠡᠯ ᠤᠨ ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠦᠨᠡᠨ ᠬᠦ ᠣᠷᠣᠨ ᠪᠦᠰᠡ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠳᠡᠭᠡᠳᠦ ᠲᠡᠰ ᠳᠠᠪᠬᠤᠷᠭ᠎ᠠ ᠶᠢᠨ ᠬᠠᠮᠵᠢᠯᠴᠠᠨ ᠨᠡᠭᠡᠭᠡᠯᠲᠡ ᠬᠢᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ ᠪᠤᠯᠭᠠᠬᠰᠠᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠪᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠪᠠ ᠲᠡᠷᠡ ᠬᠡᠪ ᠢᠶᠠᠷ ᠨᠢ ᠳᠡᠯᠭᠡᠷᠡᠭᠦᠯᠬᠦ ᠶᠢ ᠴᠢᠩᠭᠠᠳᠬᠠᠵᠤ᠂ ᠮᠠᠨ ᠤ ᠤᠯᠤᠰ ᠤᠨ ᠠᠵᠤ ᠠᠬᠤᠢ ᠶᠢᠨ ᠶᠡᠭᠡ ᠣᠷᠴᠢᠯ ᠢ ᠰᠢᠯᠤᠭᠤᠳᠬᠠᠬᠤ ᠬᠦᠴᠦᠷᠬᠡᠭ ᠶᠡᠭᠡ ᠬᠥᠳᠡᠯᠭᠡᠭᠦᠷ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠦᠢᠰᠦ ᠪᠤᠯᠬᠤ ᠪᠠᠷ ᠴᠢᠷᠮᠠᠶᠢᠬᠤ ᠬᠡᠷᠡᠭᠲᠡᠢ᠃ ᠱᠠᠩᠬᠠᠢ ᠶᠢᠨ ︽ᠲᠠᠪᠤᠨ ᠲᠥᠪ︾᠎ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠫᠦᠳᠦ᠋ᠩ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠦᠷᠭᠡᠳᠬᠡᠨ ᠠᠬᠢᠭᠤᠯᠵᠤ᠂ ᠬᠤᠩ ᠴᠢᠶᠣᠤ ᠶᠢᠨ ᠤᠯᠠᠨ ᠤᠯᠤᠰ ᠤᠨ ᠨᠡᠭᠡᠭᠡᠯᠲᠡ ᠶᠢᠨ ᠬᠦᠢᠰᠦ ᠶᠢᠨ ᠲᠠᠶᠢᠴᠢᠯᠠᠨ ᠨᠥᠯᠥᠭᠡᠯᠡᠬᠦ ᠴᠢᠳᠠᠪᠤᠷᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠱᠠᠩᠬᠠᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠷᠠᠮ ᠳᠠᠭᠠᠤ ᠰᠢᠨ᠎ᠡ ᠲᠣᠭᠤᠷᠢᠭ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠪᠣᠯᠣᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ᠂ ᠰᠢᠯᠢᠳᠡᠭ ᠲᠣᠨᠣᠭᠯᠠᠯ᠂ ᠬᠡᠷᠡᠭᠯᠡᠭᠡᠨ ᠤ ᠮᠡᠷᠭᠡᠵᠢᠯ ᠪᠣᠯᠣᠨ ᠪᠠᠷᠢᠮᠵᠢᠶ᠎ᠠ ᠶᠢᠨ ︽ᠭᠠᠷᠴᠤ ᠶᠠᠪᠤᠬᠤ︾᠎ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠵᠣᠷᠢᠭᠵᠢᠭᠤᠯᠬᠤ᠂ ᠳᠡᠮᠵᠢᠬᠦ᠂ ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠭᠤᠷᠪᠠᠨ ᠮᠤᠵᠢ ᠨᠢᠭᠡ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠪᠰᠠᠷ ᠦᠭᠡᠢ ᠵᠣᠯᠭᠠᠭᠤᠯᠬᠤ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠬᠠᠯᠬᠠᠪᠴᠢ ᠪᠠ ᠠᠮᠢ ᠠᠬᠤᠢ ᠶᠢᠨ ᠬᠤᠩᠭᠢᠯ ᠢ ᠬᠠᠮᠲᠤ ᠪᠠᠷ ᠬᠠᠮᠠᠭᠠᠯᠠᠬᠤ ᠶᠢ ᠠᠬᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠯᠢ ᠠᠯᠤᠰᠯᠠᠭᠰᠠᠨ ᠤᠰᠤᠨ ᠴᠣᠭᠴᠠ ᠶᠢ ᠬᠠᠮᠲᠤ ᠪᠠᠷ ᠬᠠᠮᠠᠭᠠᠯᠠᠵᠤ ᠬᠠᠮᠲᠤᠷᠠᠨ ᠵᠠᠰᠠᠬᠤ ᠶᠢ ᠭᠦᠨᠵᠡᠭᠡᠢ ᠥᠷᠨᠢᠭᠦᠯᠵᠦ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠣᠷᠣᠨ ᠪᠦᠰᠡ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠶᠢᠨ ᠪᠣᠬᠢᠷᠳᠤᠯ ᠦᠭᠡᠢ ᠦᠢᠯᠡᠳᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠷᠢᠭᠤᠨ ᠴᠡᠪᠡᠷ ᠦᠢᠯᠡᠳᠪᠦᠷᠢᠯᠡᠯ ᠢ ᠪᠦᠭᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠣᠬᠢᠷᠳᠤᠯ ᠦᠭᠡᠢ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠦᠷᠭᠦᠯᠵᠢᠯᠡᠬᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠠᠯᠤᠰᠯᠠᠨ ᠪᠣᠬᠢᠷᠳᠤᠯ ᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠳᠦᠷᠢᠮ ᠢ ᠪᠠᠶᠢᠭᠤᠯᠵᠤ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠵᠤ᠂ ᠮᠤᠵᠢ ᠬᠤᠳᠠ ᠶᠢᠨ ᠬᠤᠭᠤᠷᠣᠨᠳᠣᠭᠢ ᠴᠠᠭᠢᠯᠭᠠᠨ ᠬᠦᠴᠦᠨ ᠤ ᠬᠠᠷᠢᠯᠴᠠᠨ ᠲᠤᠰᠠᠯᠠᠯᠴᠠᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ︽ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ︾᠎ ᠶᠢ ᠦᠷᠭᠦᠯᠵᠢᠯᠡᠨ ᠠᠬᠢᠭᠤᠯᠵᠤ᠂ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠤᠷ ᠲᠦᠪᠰᠢᠨ ᠢᠶᠠᠷ ᠬᠥᠭᠵᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠪᠠ ᠣᠷᠣᠨ ᠪᠦᠰᠡ ᠶᠢᠨ ᠠᠮᠤᠷ ᠲᠦᠪᠰᠢᠨ ᠳᠤ ᠬᠤᠯᠪᠣᠭᠳᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ ᠪᠠᠶᠢᠬᠤ ᠪᠠ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠤᠨ ᠠᠵᠤ ᠠᠬᠤᠢ ᠠᠮᠢᠳᠤᠷᠠᠯ ᠳᠤ ᠬᠤᠯᠪᠣᠭᠳᠠᠬᠤ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠬᠦ ᠶᠢᠨ ᠬᠠᠮᠲᠤ ᠳᠤᠮᠳᠠ ᠪᠠᠷᠠᠭᠤᠨ ᠣᠷᠣᠨ ᠲᠠᠢ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠷᠢᠮᠠᠬᠠᠢ ᠴᠢᠨᠠᠷ ᠪᠠ ᠠᠮᠤᠷ ᠲᠦᠪᠰᠢᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠬᠢᠯᠢ ᠠᠯᠤᠰᠯᠠᠭᠰᠠᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠳᠥᠳᠡᠴᠢᠯᠡᠯᠲᠡ ᠶᠢ ᠳᠡᠭᠡᠭᠰᠢᠯᠡᠭᠦᠯᠵᠦ᠂ ᠪᠦᠭᠦ ᠶᠠᠪᠤᠴᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠬᠠᠮᠲᠤᠷᠠᠯᠴᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠵᠦᠢ ᠵᠣᠬᠢᠰᠲᠠᠢ ᠡᠮᠬᠢ ᠳᠢᠭᠯᠢᠮ ᠲᠠᠢ ᠬᠢᠯᠢ ᠠᠯᠤᠰᠯᠠᠭᠰᠠᠨ ᠪᠠᠶᠢᠷᠢᠰᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠠᠷᠠᠳ ᠲᠦᠮᠡᠨ ᠤ ᠬᠤᠳᠠ ᠪᠠᠨ ᠠᠷᠠᠳ ᠲᠦᠮᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠶᠢᠨ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠷᠢᠮᠠᠬᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠠᠮᠤᠷ ᠲᠦᠪᠰᠢᠨ ᠤ ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠪᠦᠷᠢᠨᠰᠢᠭᠦᠯᠵᠦ᠂ ᠬᠤᠳᠠ ᠶᠢᠨ ᠦᠨᠳᠦᠰᠦᠨ ᠠᠵᠢᠯᠯᠠᠭᠠᠨ ᠤ ᠪᠠᠲᠤᠯᠠᠭ᠎ᠠ ᠶᠢᠨ ᠰᠢᠰᠲ᠋ᠧᠮ ᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠲᠥᠯᠦᠪᠵᠢᠭᠦᠯᠭᠡ ᠶᠢᠨ ᠬᠥᠲᠥᠯᠪᠦᠷᠢ ᠶᠢᠨ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠷᠢᠮᠲᠠᠯᠠᠬᠤ ᠬᠡᠷᠡᠭᠲᠡᠢ᠃ ᠭᠤᠷᠪᠠᠨ ᠮᠤᠵᠢ ᠨᠢᠭᠡ ᠬᠤᠳᠠ ᠶᠢᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠵᠣᠬᠢᠴᠠᠭᠤᠯᠤᠨ ᠬᠠᠮᠲᠤ ᠪᠠᠷ ᠵᠥᠪᠳᠡᠯᠴᠡᠬᠦ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠵᠣᠷᠢᠭᠲᠠᠢ ᠪᠠᠷ ᠵᠠᠮ ᠨᠡᠭᠡᠭᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠣᠳᠠᠲᠠᠢ ᠠᠳᠬᠤᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠴᠢᠳᠠᠪᠤᠷᠢ ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠴᠢᠩᠭ᠎ᠠ ᠰᠠᠬᠢᠯᠭ᠎ᠠ ᠪᠠᠲᠤ᠂ ᠪᠣᠳᠠᠲᠠᠢ ᠪᠠᠶᠢᠬᠤ ᠬᠡᠪ ᠰᠤᠷᠲᠠᠯ᠂ ᠠᠷᠢᠭᠤᠨ ᠴᠢᠬᠡᠴᠢ ᠶᠢᠨ ᠪᠠᠷᠢᠮᠲᠠᠯᠠᠯ ᠢᠶᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠪᠠᠶᠢᠷᠢ ᠲᠣᠭᠲᠠᠭᠠᠯᠲᠠ ᠬᠢᠵᠦ ᠪᠣᠳᠣᠯᠬᠢᠯᠠᠨ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠳᠡᠭᠡᠷ᠎ᠡ ᠲᠠᠯᠪᠢᠵᠤ ᠪᠠᠶᠢᠷᠢᠯᠠᠭᠤᠯᠤᠨ ᠲᠥᠯᠥᠪᠵᠢᠭᠦᠯᠵᠦ᠂ ᠠᠵᠤ ᠠᠬᠤᠢ ᠶᠢᠨ ᠥᠰᠦᠯᠲᠡ ᠶᠢᠨ ᠲᠦᠢᠯ᠂ ᠬᠥᠳᠡᠯᠭᠡᠬᠦ ᠬᠦᠴᠦᠨ ᠤ ᠡᠬᠢ᠂ ᠥᠭᠡᠷᠡᠴᠢᠯᠡᠯᠲᠡ ᠶᠢᠨ ᠲᠤᠷᠰᠢᠯᠲᠠ ᠶᠢᠨ ᠲᠠᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠰᠠᠶᠢᠲᠤᠷ ᠲᠤᠯᠭᠠᠭᠤᠷᠢᠯᠠᠬᠤ ᠪᠠ ᠦᠢᠯᠡᠴᠢᠯᠡᠬᠦ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢ ᠤᠯᠠᠮ ᠰᠢᠯᠤᠭᠤᠳᠬᠠᠵᠤ᠂ ᠡᠬᠢ ᠪᠠᠶᠠᠯᠢᠭ ᠤᠨ ᠡᠯᠧᠮᠧᠨ᠋ᠲ ᠢ ᠵᠦᠢ ᠵᠣᠬᠢᠰᠲᠠᠢ ᠰᠢᠯᠵᠢᠭᠦᠯᠬᠦ ᠪᠠ ᠥᠨᠳᠥᠷ ᠪᠦᠲᠦᠮᠵᠢᠲᠡᠢ ᠵᠣᠬᠢᠴᠠᠭᠤᠯᠬᠤ ᠶᠢ ᠪᠡᠶᠡᠯᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠪᠠ ᠠᠵᠤ ᠠᠬᠤᠢ ᠶᠢᠨ ᠵᠦᠢ ᠵᠣᠬᠢᠰᠲᠠᠢ ᠪᠠᠶᠢᠷᠢᠯᠠᠭᠤᠯᠤᠯᠲᠠ ᠶᠢ ᠬᠥᠲᠥᠯᠥᠨ ᠵᠢᠯᠤᠭᠤᠳᠬᠤ ᠬᠡᠷᠡᠭᠲᠡᠢ᠃ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠬᠠᠭᠠᠯᠭ᠎ᠠ ᠶᠢ ᠴᠣᠭᠴᠠᠯᠠᠵᠤ᠂ ᠤᠯᠠᠨ ᠤᠯᠤᠰ ᠤᠨ ᠲᠠᠸᠠᠷ ᠪᠣᠯᠣᠨ ᠡᠬᠢ ᠪᠠᠶᠠᠯᠢᠭ ᠤᠨ ᠡᠯᠧᠮᠧᠨ᠋ᠲ ᠲᠠᠬᠢ ᠲᠠᠲᠠᠬᠤ ᠬᠦᠴᠦᠨ ᠢᠶᠠᠨ ᠴᠢᠩᠭᠠᠳᠬᠠᠬᠤ ᠬᠡᠷᠡᠭᠲᠡᠢ ᠃ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠣᠨᠴᠠᠯᠢᠭ ᠢᠶᠠᠨ ᠢᠯᠡᠷᠡᠭᠦᠯᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠠᠷᠢᠯᠴᠠᠨ ᠬᠦᠴᠦᠨ ᠴᠢᠳᠠᠯ ᠣᠯᠭᠤᠵᠤ᠂ ᠡᠯ᠎ᠡ ᠭᠠᠵᠠᠷ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠣᠷᠣᠨ ᠪᠦᠰᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠳᠠᠪᠠᠭᠤᠯᠢᠭ ᠲᠠᠯ᠎ᠠ ᠪᠠᠨ ᠬᠠᠮᠲᠤ ᠪᠠᠷ ᠪᠠᠳᠠᠷᠠᠭᠤᠯᠵᠤ ᠣᠷᠣᠨ ᠪᠦᠰᠡ ᠶᠢᠨ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃    ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号