ᠵᠢᠥ ᠶᠤᠸᠠᠨ ᠲᠣᠭᠤᠷᠢᠭ ᠤᠨ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠵᠦᠢᠯᠡᠰ ᠤᠨ ᠭᠠᠷᠴᠠᠭ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/12/13
                                ᠪᠣᠭᠤᠲᠣ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ                                ᠵᠠᠰᠠᠭ ᠤᠨ ᠣᠷᠳᠤᠨ ᠤ ᠠᠯᠪᠠᠨ ᠭᠡᠷ ᠤᠨ ᠲᠠᠷᠬᠠᠭᠠᠭᠰᠠᠨ︹2023︺                               106 ᠳ᠋ᠤᠭᠠᠷ ᠲᠣᠭᠠᠲᠤ    ᠵᠢᠥ ᠶᠤᠸᠠᠨ ᠲᠣᠭᠤᠷᠢᠭ ᠤᠨ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠵᠦᠢᠯᠡᠰ ᠤᠨ ᠭᠠᠷᠴᠠᠭ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠳᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂  ᠣᠳᠤ ︽ᠵᠢᠦ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠡ ᠨᠦᠭᠦᠳ ᠣᠯᠠᠨ ᠨᠡᠶᠢᠲᠡ ᠶᠢᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠮᠦᠨᠡᠬᠢ ᠬᠤᠭᠤᠴᠠᠭᠠᠨ ᠤ ᠠᠵᠢᠯ ᠢᠶᠠᠨ ᠥᠷᠨᠢᠭᠦᠯᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠶᠢᠨ ᠬᠠᠮᠲᠤ ᠴᠠᠭ ᠲᠤᠨᠢ ᠳᠣᠭᠢᠷᠠᠭᠤᠯᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃                                        2023 ᠣᠨ ᠤ 12 ᠰᠠᠷ᠎ᠠ ᠶᠢᠨ 13 ᠤ ᠡᠳᠦᠷ
C:\Users\Administrator\Desktop\新闻照片\29fbf90f62cf8f0f153b52a77325f3c.jpg
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号