ᠵᠢᠮᠢᠰ ᠤᠨ ᠬᠦᠷᠢᠶᠡᠯᠡᠩ ᠭᠡᠷ ᠬᠤᠷᠢᠶᠠᠯᠠᠯ᠄ ᠢᠳᠡᠭᠡᠨ ᠤ ᠠᠮᠤᠷ ᠲᠦᠪᠰᠢᠨ ᠳᠤ ᠬᠠᠮᠲᠤ ᠪᠠᠷ ᠬᠢᠨᠠᠯᠲᠠ ᠲᠠᠯᠪᠢᠵᠤ᠂ ᠡᠷᠡᠭᠦᠯ ᠴᠢᠭᠢᠷᠠᠭ ᠠᠮᠢᠳᠤᠷᠠᠯ ᠢ ᠬᠠᠮᠲᠤ ᠳᠤᠨᠢ ᠴᠣᠭᠴᠠᠯᠠᠨ᠎ᠠ
ᠨᠡᠶᠢᠲᠡᠯᠡᠭᠰᠡᠨ ᠴᠠᠭ᠄
2023/12/14
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠴᠢᠩᠭ᠎ᠠ ᠰᠡᠷᠭᠡᠶᠢᠯᠡᠨ᠂ ᠡᠶ᠎ᠡ ᠵᠣᠬᠢᠴᠠᠯ ᠲᠠᠢ ᠲᠣᠭᠲᠠᠭᠤᠨ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠥᠯᠥᠭᠡ ᠂ ᠣᠶᠢᠷ᠎ᠠ ᠳᠤ᠂ ᠵᠢᠮᠢᠰ ᠤᠨ ᠬᠦᠷᠢᠶᠡᠯᠡᠩ ᠭᠡᠷ ᠬᠤᠷᠢᠶᠠᠯᠠᠯ ᠵᠢᠦ ᠶᠤᠸᠠᠨ ᠲᠣᠭᠤᠷᠢᠭ ᠤᠨ ᠰᠠᠶᠢᠬᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ︽ᠢᠳᠡᠭᠡᠨ ᠤ ᠠᠮᠤᠷ ᠲᠦᠪᠰᠢᠨ ᠳᠤ ᠬᠠᠮᠲᠤ ᠪᠠᠷ ᠬᠢᠨᠠᠯᠲᠠ ᠲᠠᠯᠪᠢᠵᠤ᠂ ᠡᠷᠡᠭᠦᠯ ᠴᠢᠭᠢᠷᠠᠭ ᠠᠮᠢᠳᠤᠷᠠᠯ ᠢ ᠬᠠᠮᠲᠤ ᠳᠤᠨᠢ ᠴᠣᠭᠴᠠᠯᠠᠨ᠎ᠠ︾ ᠭᠡᠬᠦ ᠠᠵᠢᠯᠯᠠᠭ᠎ᠠ ᠥᠷᠨᠢᠭᠦᠯᠪᠡ᠃
C:\Users\Administrator\Desktop\新闻照片\1.jpg
    ᠲᠣᠰ ᠤᠳᠠᠭᠠᠨ ᠤ ᠠᠵᠢᠯᠯᠠᠭ᠎ᠠ ᠳᠤ ᠭᠤᠤᠯᠳᠠᠭᠤ ᠢᠳᠡᠭᠡᠨ ᠤᠮᠳᠠᠭᠠᠨ ᠤ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ᠂ ᠡᠮ ᠤᠨ ᠳᠡᠯᠭᠡᠭᠦᠷ ᠤᠨ ᠪᠠᠷᠠᠭ᠎ᠠ ᠣᠷᠣᠭᠤᠯᠬᠤ ᠵᠠᠮ ᠮᠥᠷ᠂ ᠬᠠᠳᠠᠭᠠᠯᠠᠬᠤ ᠣᠷᠣᠨ ᠪᠠᠶᠢᠷᠢ᠂ ᠢᠳᠡᠭᠡᠨ ᠤ ᠴᠢᠨᠠᠷ ᠢ ᠪᠠᠲᠤᠯᠠᠬᠤ ᠬᠤᠭᠤᠴᠠᠭ᠎ᠠ᠂ ᠡᠯ᠎ᠡ ᠲᠥᠷᠥᠯ ᠤᠨ ᠦᠨᠡᠮᠯᠡᠯ ᠪᠦᠷᠢᠨ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ ᠨᠢ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ ᠵᠡᠷᠭᠡ ᠳᠤ ᠴᠢᠭᠯᠡᠭᠦᠯᠦᠨ ᠪᠠᠶᠢᠴᠠᠭᠠᠯᠲᠠ ᠬᠢᠨ᠎ᠠ᠃ ᠡᠭᠦᠨ ᠤ ᠵᠡᠷᠭᠡ ᠪᠠᠷ ᠢᠳᠡᠭᠡᠨ ᠤ ᠠᠶᠤᠯ ᠥᠭᠡᠢ ᠶᠢᠨ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠵᠤ᠂ ᠠᠶᠤᠯ ᠥᠭᠡᠢ ᠶᠢ ᠲᠡᠷᠢᠭᠦᠨ ᠳᠤ ᠲᠠᠯᠪᠢᠬᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠣᠨᠤᠯ ᠢ ᠪᠠᠲᠤ ᠪᠠᠬᠢ ᠪᠤᠢ ᠪᠣᠯᠭᠠᠬᠤ ᠬᠡᠷᠡᠭᠲᠡᠶ᠃
C:\Users\Administrator\Desktop\新闻照片\2.jpg
    ᠲᠠᠷᠠᠭᠠᠴᠢ ᠶᠢᠨ ᠠᠯᠬᠤᠮ ᠳᠤ᠂ ᠵᠢᠮᠢᠰ ᠤᠨ ᠬᠦᠷᠢᠶᠡᠯᠡᠩ ᠭᠡᠷ ᠬᠤᠷᠢᠶᠠᠯᠠᠯ ᠤᠨ ᠬᠢᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠳᠦᠷ ᠲᠤᠲᠤᠮ ᠤᠨ ᠢᠳᠡᠭᠡᠨ ᠤ ᠠᠷᠢᠭᠤᠨ ᠴᠡᠪᠡᠷ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠥᠷᠭᠡᠨ ᠣᠯᠠᠨ ᠰᠠᠭᠤᠭᠠᠯᠢ ᠠᠷᠠᠳ ᠲᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
C:\Users\Administrator\Desktop\新闻照片\3.jpg
C:\Users\Administrator\Desktop\新闻照片\4.jpg
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号