ᠰᠢ ᠶᠢᠨ ᠫᠢᠩ ᠪᠣᠯᠣᠨ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠳᠤᠮᠳᠠᠳᠤ ᠺᠧᠨᠢᠶᠠ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/12/15
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 14᠎ ᠤ ᠴᠠᠭᠢᠯᠭᠠᠨ ᠮᠡᠳᠡᠭᠡ 12 ᠰᠠᠷ᠎ᠠ ᠶᠢᠨ 14᠎ ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢ ᠪᠡᠯᠭᠡᠯᠡᠪᠡ᠃    ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠳᠤᠮᠳᠠᠳᠤ ᠺᠧᠨᠢᠶᠠ ᠬᠤᠶᠠᠷ ᠤᠯᠤᠰ ᠢᠮᠠᠭᠲᠠ ᠮᠥᠷᠥ ᠵᠡᠷᠭᠡᠴᠡᠨ ᠬᠠᠮᠲᠤᠷᠠᠯᠴᠠᠵᠤ᠂ ᠭᠠᠷ ᠬᠤᠯᠪᠣᠯᠴᠠᠨ ᠬᠥᠭᠵᠢᠵᠦ᠂ ᠤᠯᠤᠰ ᠲᠥᠷᠥ ᠶᠢᠨ ᠲᠠᠯ᠎ᠠ ᠪᠠᠷ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠠᠵᠤ ᠠᠬᠤᠢ ᠶᠢᠨ ᠲᠠᠯ᠎ᠠ ᠪᠠᠷ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠭᠰᠡᠨ ᠰᠠᠶᠢᠨ ᠬᠠᠨᠢᠲᠠᠨ ᠪᠣᠯᠵᠠᠢ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠠᠰᠢᠷᠠᠵᠤ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠠᠪᠴᠢᠷᠠᠭᠰᠠᠨ ᠢᠶᠠᠷ ᠪᠠᠷᠠᠬᠤ ᠦᠭᠡᠢ᠂ ᠨᠡᠩ ᠴᠤ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠳᠤ ᠬᠡᠪ ᠳᠠᠭᠤᠷᠢᠶᠠᠯ ᠦᠵᠡᠭᠦᠯᠵᠡᠢ᠃ ᠡᠨᠡ ᠵᠢᠯ ᠤᠨ 10 ᠰᠠᠷ᠎ᠠ ᠳᠤ᠂ ᠶᠡᠷᠦᠩᠬᠡᠶᠢᠯᠡᠭᠴᠢ ᠷᠦᠲ᠋ᠤ᠋ ᠳᠤᠮᠳᠠᠳᠤ ᠤᠯᠤᠰ ᠲᠤ ᠢᠷᠡᠵᠦ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠣᠯᠴᠠᠵᠤ᠂ ᠪᠢᠳᠡ ᠬᠤᠶᠠᠷ ᠤᠯᠤᠰ ᠤᠨ ᠬᠠᠷᠢᠯᠴᠠᠭᠠᠨ ᠤ ᠢᠷᠡᠭᠡᠳᠦᠢ ᠶᠢᠨ ᠬᠥᠭᠵᠢᠯᠲᠡ ᠶᠢᠨ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠪᠢ ᠳᠤᠮᠳᠠᠳᠤ ᠺᠧᠨᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠷᠦᠲ᠋ᠤ᠋ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠲᠤᠰ ᠲᠤᠰ ᠤᠨ ᠤᠯᠤᠰ ᠤᠨ ᠢᠶᠠᠨ ᠬᠥᠭᠵᠢᠯ ᠮᠠᠨᠳᠤᠯ ᠢ ᠪᠡᠶᠡᠯᠡᠭᠦᠯᠬᠦ ᠠᠶᠠᠨ ᠳᠤ ᠢᠯᠡ ᠲᠣᠳᠣ ᠣᠨᠴᠠᠯᠢᠭ ᠲᠠᠢ ᠬᠠᠮᠲᠤᠷᠠᠯᠴᠠᠭᠠᠨ ᠤ ᠵᠠᠮ ᠢ ᠨᠡᠭᠡᠭᠡᠵᠦ᠂ ᠳᠤᠮᠳᠠᠳᠤ ᠺᠧᠨᠢᠶᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠭᠠᠷ ᠬᠤᠯᠪᠣᠯᠴᠠᠨ ᠰᠢᠨ᠎ᠡ ᠴᠠᠭ ᠦᠶ᠎ᠡ ᠶᠢᠨ ᠨᠡᠩ ᠨᠢᠭᠲᠠ ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃    ᠷᠦᠲ᠋ᠤ᠋᠂ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠺᠧᠨᠢᠶᠠ ᠳᠤᠮᠳᠠᠳᠤ ᠬᠤᠶᠠᠷ ᠤᠯᠤᠰ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠶᠢ ᠬᠠᠮᠲᠤ ᠪᠠᠷ ᠠᠷᠭᠠᠴᠠᠭᠠᠵᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠳᠡᠮᠵᠢᠬᠦ᠂ ᠨᠥᠭᠦᠷᠰᠡᠭ ᠢᠶᠠᠷ ᠬᠠᠮᠲᠤᠷᠠᠯᠴᠠᠬᠤ᠂ ᠪᠦᠯᠬᠦᠮᠳᠡᠨ ᠬᠠᠪᠰᠤᠷᠤᠯᠴᠠᠬᠤ ᠶᠢ ᠪᠠᠷᠢᠮᠲᠠᠯᠠᠵᠤ᠂ ᠬᠠᠨᠢᠲᠠᠨ ᠤ ᠬᠠᠷᠢᠯᠴᠠᠭ᠎ᠠ ᠶᠠᠪᠤᠬᠤ ᠲᠤᠳᠤᠮ ᠪᠠᠬᠢᠵᠢᠪᠡ᠃ ᠬᠤᠶᠠᠷ ᠲᠠᠯ᠎ᠠ ᠶᠢᠨ ᠠᠵᠤ ᠠᠬᠤᠢ ᠶᠢᠨ ᠬᠠᠮᠲᠤᠷᠠᠯᠴᠠᠭ᠎ᠠ᠂ ᠰᠣᠶᠣᠯ ᠤᠨ ᠰᠣᠯᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠬᠠᠮᠲᠤ ᠪᠠᠷ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠪᠣᠯᠣᠨ ᠶᠤᠬᠠᠨᠨᠧᠰᠪᠦ᠋ᠷᠡᠭ ᠤᠨ ᠳᠤᠮᠳᠠᠳᠤ ᠠᠹᠷᠢᠺᠠ ᠶᠢᠨ ᠤᠳᠤᠷᠢᠳᠬᠤ ᠬᠥᠮᠥᠰ ᠤᠨ ᠶᠠᠷᠢᠯᠴᠠᠭ᠎ᠠ ᠶᠢᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢ ᠦᠷᠭᠦᠯᠵᠢᠯᠡᠨ ᠬᠥᠭᠵᠢᠭᠰᠡᠨ᠂ ᠨᠥᠭᠦᠷᠰᠡᠭ ᠢᠶᠠᠷ ᠴᠡᠴᠡᠭᠯᠡᠨ ᠬᠥᠭᠵᠢᠭᠰᠡᠨ᠂ ᠬᠠᠮᠲᠤ ᠪᠠᠷ ᠲᠠᠪᠰᠢᠬᠰᠠᠨ ᠰᠠᠶᠢᠨ ᠰᠠᠶᠢᠬᠠᠨ ᠢᠷᠡᠭᠡᠳᠦᠢ ᠲᠠᠢ ᠪᠣᠯᠭᠠᠨ᠎ᠠ ᠭᠡᠵᠦ ᠢᠯᠡᠳᠬᠡᠪᠡ᠃   
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号