ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠭᠤᠤᠯ ᠴᠤᠭᠴᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/12/15
                                           ᠪᠣᠭᠤᠲᠣ ᠬᠤᠲᠠ ᠶᠢᠨ ᠵᠢᠦ ᠶᠤᠸᠠᠨ ᠲᠣᠭᠤᠷᠢᠭ ᠤᠨ                                          ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ                                         ᠲᠠᠷᠬᠠᠭᠠᠭᠰᠠᠨ ︹2023︺ 108 ᠳ᠋ᠤᠭᠠᠷ ᠲᠣᠭᠠᠲᠤ    ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠭᠤᠤᠯ ᠴᠤᠭᠴᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ ᠲᠤᠬᠠᠢ ᠠᠯᠪᠠᠨ ᠵᠠᠷᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠳᠤ᠄     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠴᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 262 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠬᠢᠨᠠᠨ ᠬᠠᠷᠭᠤᠭᠤᠯᠵᠤ ᠨᠤᠲᠠᠯᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ ᠶᠢᠨ ᠨᠠᠷᠢᠨ ᠬᠠᠭᠤᠳᠠᠰᠤ ᠶᠢ ᠨᠡᠶᠢᠲᠡᠯᠡᠪᠡ᠃    ᠲᠣᠭᠲᠠᠭᠠᠭᠰᠠᠨ ᠭᠤᠤᠯ ᠴᠣᠭᠴᠠ ᠶᠢᠨ ᠨᠠᠷᠢᠨ ᠳᠠᠩᠰᠠ ᠲᠣᠭᠲᠠᠭᠠᠬᠤ ᠳᠤ ᠵᠢᠭᠰᠠᠭᠠᠨ ᠣᠷᠣᠭᠤᠯᠤᠭᠰᠠᠨ ᠦᠭᠡᠶ ᠲᠣᠭᠤᠷᠢᠭ ᠤᠨ ᠲᠠᠰ ᠤᠨ ᠪᠤᠰᠤᠳ ᠨᠢᠭᠡᠴᠡ᠂ ᠪᠠᠶᠢᠭᠤᠯᠤᠮᠵᠢ ︵ᠡᠯ᠎ᠡ ᠲᠥᠷᠥᠯ ᠤᠨ ᠲᠦᠷ ᠴᠠᠭ ᠤᠨ ᠪᠠᠶᠢᠭᠤᠯᠤᠮᠵᠢ ᠂ ᠬᠡᠷᠡᠭ ᠵᠥᠪᠯᠡᠨ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ ᠠᠯᠪᠠᠨ ᠭᠡᠷ᠂ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠪᠤᠰᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠦᠭᠡᠶ ᠪᠠᠶᠢᠭᠤᠯᠤᠮᠵᠢ ᠪᠠᠭᠲᠠᠨ᠎ᠠ︶᠂ ᠲᠤᠰ ᠨᠢᠭᠡᠴᠡ᠂ ᠲᠤᠰ ᠪᠠᠶᠢᠭᠤᠯᠤᠮᠵᠢ ᠶᠢᠨ ᠨᠡᠷ᠎ᠡ ᠪᠠᠷ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠨ ᠲᠠᠷᠬᠠᠭᠠᠵᠤ ᠪᠣᠯᠬᠤ ᠦᠭᠡᠶ᠃    ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠶᠢᠰᠢᠳᠠ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠠᠰᠤᠵᠤ ᠨᠡᠶᠢᠯᠡᠭᠦᠯᠬᠦ ᠴᠢᠬᠤᠯᠠ ᠠᠴᠠ ᠪᠣᠯᠵᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ ᠳᠤ ᠲᠣᠬᠢᠷᠠᠭᠤᠯᠤᠯᠲᠠ ᠬᠢᠭᠰᠡᠨ ᠪᠣᠯ ᠠᠰ ᠲᠤᠨᠢ ᠲᠣᠬᠢᠷᠠᠭᠤᠯᠤᠯᠲᠠ ᠬᠢᠵᠦ ᠨᠡᠶᠢᠲᠡᠯᠡᠨ᠎ᠡ᠃ᠵᠢᠦ ᠶᠤᠸᠠᠨ ᠲᠣᠭᠤᠷᠢᠭ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠡᠶᠡᠴᠢ ᠴᠣᠭᠴᠠ ᠶᠢᠨ ᠲᠣᠳᠣᠷᠬᠠᠶ ᠬᠠᠭᠤᠳᠠᠰᠤ    1.ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    2.ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    3.ᠵᠢᠦ ᠶᠤᠸᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ    4.ᠵᠢᠦ ᠶᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ   5.ᠵᠢᠦ ᠶᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ    6.ᠵᠢᠦ ᠶᠤᠸᠠᠨ ᠨᠤᠲᠤᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ    7.ᠵᠢᠦ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ    8.ᠵᠢᠦ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ    9.ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ    10. ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ    11.ᠵᠢᠦ ᠶᠤᠸᠠᠨ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ︵ᠵᠢᠦ ᠶᠤᠸᠠᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ︶    12.ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ    13.ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ    14. ᠵᠢᠦ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ    15. ᠵᠢᠦ ᠶᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ    16.ᠵᠢᠦ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ    17. ᠵᠢᠦ ᠶᠤᠸᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ    18. ᠵᠢᠦ ᠶᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ    19. ᠵᠢᠦ ᠶᠤᠸᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ    20. ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    21. ᠵᠢᠦ ᠶᠤᠸᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ    22.ᠵᠢᠦ ᠶᠤᠸᠠᠨ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ    23. ᠵᠢᠦ ᠶᠤᠸᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ    24.ᠵᠢᠦ ᠶᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ    25. ᠵᠢᠦ ᠶᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ    26. ᠵᠢᠦ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ    27. ᠵᠢᠦ ᠶᠤᠸᠠᠨ ᠲᠣᠭᠤᠷᠢᠭ ᠤᠨ ᠤᠢ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ    28. ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ    29. ᠵᠢᠦ ᠶᠤᠸᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ    30. ᠠᠭᠠᠷᠤᠲᠠᠢ ᠰᠤᠮᠤᠨ ᠤ ᠠᠷᠠᠳ ᠤᠨ ᠵᠠᠰᠠᠭ ᠤᠨ ᠣᠷᠳᠣᠨ    31. ᠬᠤᠶᠠᠷᠬᠤᠳᠳᠤᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ    32. ᠬᠤᠷᠢᠨᠭᠡᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ    33 . ᠮᠠ ‍ᠤᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ    34. ᠰᠢᠷ᠎ᠠ ᠨᠤᠷ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ    35. ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ    36. ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ    37. ᠰᠠᠷᠠᠭᠤᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ    38. ᠵᠢᠦ ᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    39. ᠵᠢᠦ ᠶᠤᠸᠠᠨ ᠲᠣᠭᠤᠷᠢᠭ ᠤᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ    40. ᠵᠢᠦ ᠶᠤᠸᠠᠨ ᠲᠣᠭᠤᠷᠢᠭ ᠤᠨ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ    41. ᠵᠢᠦ ᠶᠤᠸᠠᠨ ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ   42. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ    43. ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠦ ᠶᠤᠸᠠᠨ ᠬᠤᠪᠢᠶᠠᠷᠢ ᠲᠣᠭᠤᠷᠢᠭ ᠤᠨ ᠲᠣᠪᠴᠢᠶ᠎ᠠ    44. ᠪᠤᠭᠤᠲᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠢᠦ ᠶᠤᠸᠠᠨ ᠬᠤᠪᠢᠶᠠᠷᠢ ᠲᠣᠭᠤᠷᠢᠭ ᠤᠨ ᠲᠣᠪᠴᠢᠶ᠎ᠠ   45. ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠵᠢᠦ ᠶᠤᠸᠠᠨ ᠲᠣᠭᠤᠷᠢᠭ ᠤᠨ ᠶᠡᠭᠡ ᠠᠩᠭᠢ    46. ᠵᠢᠦ ᠶᠤᠸᠠᠨ ᠲᠣᠭᠤᠷᠢᠭ ᠤᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ     
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号