ᠬᠠᠬᠢᠷ ᠡᠪᠦᠯ ᠳᠤ ᠬᠠᠯᠠᠭᠤᠨ ᠳᠤᠯᠠᠭᠠᠨ ᠬᠠᠶᠢᠷ᠎ᠠ ᠬᠦᠷᠭᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ ᠢ ᠬᠠᠯᠠᠮᠵᠢᠯᠠᠨ᠎ᠠ
ᠨᠡᠶᠢᠲᠡᠯᠡᠭᠰᠡᠨ ᠴᠠᠭ᠄
2023/12/21
C:\Users\Administrator\Desktop\新闻照片\图片1.jpg
    ᠤᠢᠢᠷ᠎ᠠ ᠶᠢᠨ ᠡᠳᠦᠷ᠂ ᠪᠤᠭᠤᠲᠤ ᠬᠤᠳᠠ ᠳᠤ ᠴᠠᠰᠤ ᠣᠷᠣᠵᠤ ᠳᠤᠯᠠᠭᠠᠨ ᠤ ᠬᠡᠮᠵᠢᠶ᠎ᠡ ᠪᠠᠭᠤᠷᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠰᠠᠯᠬᠢ ᠰᠢᠭᠤᠷᠭᠠᠨ ᠤ ᠳᠤᠮᠳᠠᠭᠤᠷ ᠡᠳᠦᠷᠵᠢᠨ ᠰᠥᠨᠢᠵᠢᠨ ᠵᠠᠮ ᠳᠡᠭᠡᠷᠡᠬᠢ ᠴᠠᠰᠤ ᠶᠢ ᠴᠡᠪᠡᠷᠯᠡᠵᠦ᠂ ᠤᠯᠠᠨ ᠲᠦᠮᠡᠨ ᠤ ᠠᠮᠤᠷ ᠲᠦᠪᠰᠢᠨ ᠢᠶᠠᠷ ᠠᠶᠠᠯᠠᠬᠤ ᠶᠢ ᠪᠠᠲᠤᠯᠠᠵᠠᠢ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠬᠤ ᠶᠢᠨ ᠲᠥᠯᠥᠭᠡ᠂ 12 ᠰᠠᠷ᠎ᠠ ᠶᠢᠨ 19᠎ ᠤ ᠡᠳᠦᠷ᠂ ᠬᠤᠷᠢᠨᠭᠡᠷ ᠪᠠᠯᠭᠠᠰᠤᠨ ᠤ ᠠᠵᠢᠯᠴᠢᠨ ᠤ ᠡᠪᠯᠡᠯ ︽ᠡᠪᠦᠯ ᠤᠨ ᠡᠳᠦᠷ ᠲᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠵᠦ᠂ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠲᠣᠬᠤᠨᠢᠭᠤᠯᠬᠤ ᠪᠣᠳᠠᠰ ᠬᠦᠷᠭᠡᠪᠡ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠼᠦᠢ ᠯᠦᠩ ᠲᠡᠳᠡᠨ ᠳᠤ ᠡᠪᠦᠯ ᠤᠨ ᠡᠳᠦᠷ ᠤᠨ ᠮᠡᠨᠳᠦᠴᠢᠯᠡᠯ ᠬᠦᠷᠭᠡᠵᠦ᠂ ᠲᠡᠳᠡᠨ ᠤ ᠵᠣᠪᠠᠭᠤᠷᠢ ᠵᠦᠳᠡᠭᠦᠷᠢ ᠠᠴᠠ ᠬᠠᠯᠠᠰᠢᠷᠠᠬᠤ ᠥᠬᠡᠶ᠂ ᠬᠠᠬᠢᠷ ᠬᠦᠢᠲᠡᠨ ᠠᠴᠠ ᠠᠶᠤᠬᠤ ᠥᠬᠡᠶ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠳᠤ ᠭᠦᠨ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠡᠶ᠃ ᠪᠠᠯᠭᠠᠰᠤᠨ ᠤ ᠳᠠᠷᠤᠭ᠎ᠠ ᠬᠥᠭᠵᠢᠯ ᠠᠴᠠ ᠣᠯᠠᠨ ᠳᠤ ᠬᠡᠷ ᠤᠨ ᠭᠠᠳᠠᠨᠠᠬᠢ ᠬᠥᠳᠡᠯᠮᠦᠷᠢ ᠳᠤ ᠠᠮᠤᠷ ᠲᠦᠪᠰᠢᠨ ᠢ ᠠᠩᠬᠠᠷᠴᠤ᠂ ᠠᠵᠢᠯᠯᠠᠵᠤ ᠠᠮᠠᠷᠠᠬᠤ ᠶᠢ ᠤᠶᠠᠯᠳᠤᠭᠤᠯᠬᠤ ᠶᠢ ᠠᠩᠬᠠᠷᠴᠤ᠂ ᠬᠦᠢᠲᠡᠨ ᠠᠭᠤᠷ ᠠᠮᠢᠰᠬᠤᠯ ᠤᠨ ᠳᠤᠯᠠᠭᠠᠨ ᠢ ᠬᠠᠮᠠᠭᠠᠯᠠᠵᠤ ᠬᠦᠢᠲᠡᠨ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠲᠣᠰ ᠪᠡᠶ᠎ᠡ ᠶᠢᠨ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃    ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠸᠠᠩ ᠵᠢᠶᠦ᠋ᠨ ᠪᠥᠬᠦ ᠪᠠᠯᠭᠠᠰᠤᠨ ᠤ ᠥᠷᠭᠡᠨ ᠣᠯᠠᠨ ᠠᠵᠢᠯᠲᠠᠨ ᠠᠵᠢᠯᠴᠢᠨ ᠢ ᠪᠣᠯᠪᠠᠰᠤᠨ ᠤ ᠤᠬᠠᠮᠰᠠᠷ᠂ ᠨᠡᠶᠢᠲᠡ ᠶᠢᠨ ᠶᠣᠰᠣ ᠮᠣᠷᠠᠯ ᠤᠨ ᠤᠬᠠᠮᠰᠠᠷ ᠪᠠ ᠣᠷᠴᠢᠨ ᠠᠬᠤᠶ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯᠴᠢᠨ ᠢ ᠬᠠᠯᠠᠮᠵᠢᠯᠠᠬᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯᠴᠢᠨ ᠢ ᠬᠦᠨᠳᠦᠳᠬᠡᠬᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠨᠠᠨᠳᠢᠩᠨᠠᠬᠤ ᠰᠠᠶᠢᠨ ᠰᠠᠶᠢᠬᠠᠨ ᠣᠷᠴᠢᠨ ᠠᠬᠤᠶ ᠶᠢ ᠦᠷᠭᠦᠯᠵᠢᠯᠡᠨ ᠪᠣᠶ ᠪᠣᠯᠭᠠᠬᠤ ᠬᠡᠷᠡᠭᠲᠡᠶ ᠭᠡᠵᠦ ᠤᠷᠢᠶᠠᠯᠠᠪᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号