ᠡᠷᠡᠭᠦᠯ ᠮᠡᠨᠳᠦ ᠶᠢᠨ ᠪᠠᠶᠢᠴᠠᠭᠠᠯᠲᠠ ᠬᠢᠵᠤ᠂ ᠭᠡᠭᠡᠨ ᠰᠠᠷᠠᠭᠤᠯ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/12/21
    ᠨᠢᠳᠦ ᠪᠣᠯ ᠰᠡᠳᠬᠢᠯ ᠤᠨ ᠴᠣᠩᠬᠤ᠂ ᠨᠢᠳᠦᠨ ᠤ ᠡᠷᠡᠭᠦᠯ ᠴᠢᠭᠢᠷᠠᠭ ᠪᠣᠯ ᠵᠣᠯ ᠵᠢᠷᠭᠠᠯᠲᠤ ᠠᠮᠢᠳᠤᠷᠠᠯ ᠤᠨ ᠰᠠᠭᠤᠷᠢ ᠮᠥᠨ᠃ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠪᠣᠯ ᠡᠷᠡᠭᠦᠯ ᠮᠡᠨᠳᠦ ᠶᠢᠨ ᠮᠡᠳᠡᠯᠭᠡ ᠶᠢ ᠤᠯᠠᠮ ᠨᠢᠭᠡ ᠠᠯᠬᠤᠮ ᠤᠬᠠᠭᠤᠯᠵᠤ᠂ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 19᠎ ᠤ ᠡᠳᠦᠷ᠂ ᠬᠤᠸᠠᠩ ᠼᠤᠤ ᠸᠠ ᠲᠣᠰᠬᠤᠨ ᠤ ᠨᠠᠮ ᠤᠨ ᠡᠭᠦᠷ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠲᠣᠰᠬᠤᠨ ᠤ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠪᠠ᠃
C:\Users\Administrator\Desktop\新闻照片\134.jpg
     ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠢ ᠳᠤ᠂ ᠡᠮᠨᠡᠯᠭᠡ ᠶᠢᠨ ᠠᠵᠢᠯᠲᠠᠳ ᠲᠣᠰᠬᠤᠨ ᠤ ᠠᠷᠠᠳ ᠲᠤ ᠦᠨ᠎ᠡ ᠲᠥᠯᠥᠪᠦᠷᠢ ᠦᠭᠡᠢ ᠪᠠᠷ ᠬᠠᠷᠠᠭᠠᠨ ᠤ ᠪᠠᠶᠢᠴᠠᠭᠠᠯᠲᠠ ᠪᠠ ᠴᠠᠭᠠᠨ ᠬᠠᠷᠠᠩ ᠤᠨ ᠰᠢᠭᠰᠢᠨ ᠪᠠᠶᠢᠴᠠᠭᠠᠯᠲᠠ ᠬᠢᠵᠦ ᠂ ᠴᠠᠭᠠᠨ ᠬᠠᠷᠠᠩ ᠪᠤᠶᠤ ᠪᠤᠰᠤᠳ ᠨᠢᠳᠦᠨ ᠤ ᠡᠪᠡᠳᠴᠢᠨ ᠲᠠᠢ ᠲᠣᠰᠬᠤᠨ ᠤ ᠠᠷᠠᠳ ᠲᠤ ᠡᠮᠨᠡᠨ ᠵᠠᠰᠠᠬᠤ ᠰᠠᠨᠠᠯ ᠵᠢᠴᠢ ᠡᠪᠡᠳᠴᠢᠨ ᠦᠵᠡᠭᠦᠯᠬᠦ ᠰᠠᠨᠠᠭᠤᠯᠭ᠎ᠠ ᠥᠭᠭᠦᠭᠰᠡᠨ ᠪᠥᠭᠡᠳ ᠪᠠᠰᠠ ᠨᠢᠳᠦᠨ ᠤ ᠡᠷᠡᠭᠦᠯ ᠮᠡᠨᠳᠦ ᠶᠢᠨ ᠲᠤᠬᠠᠢ ᠡᠯ᠎ᠡ ᠵᠦᠢᠯ ᠤᠨ ᠮᠠᠳᠠᠭ ᠲᠠᠢ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠭᠦᠭᠰᠡᠨ ᠪᠥᠭᠡᠳ ᠬᠤᠯᠪᠣᠭᠳᠠᠯ ᠪᠦᠬᠦᠢ ᠮᠡᠳᠡᠯᠭᠡ ᠪᠠ ᠴᠠᠭᠠᠨ ᠬᠠᠷᠠᠩ ᠢ ᠰᠡᠷᠭᠡᠶᠢᠯᠡᠬᠦ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠭᠰᠡᠨ ᠪᠠᠶᠢᠨ᠎ᠠ᠃    ᠲᠣᠰ ᠤᠳᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠬᠤᠸᠠᠩ ᠼᠤᠤ ᠸᠠ ᠲᠣᠰᠬᠤᠨ ᠤ ᠠᠷᠠᠳ ᠲᠤ ᠨᠢᠳᠦᠨ ᠤ ᠰᠠᠯᠠᠭᠠᠨ ᠤ ᠡᠷᠡᠭᠦᠯᠵᠢᠯ ᠵᠢᠴᠢ ᠨᠢᠳᠦᠨ ᠤ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠤᠨ ᠨᠢᠳᠦ ᠪᠠᠨ ᠬᠠᠮᠠᠭᠠᠯᠠᠨ ᠨᠢᠳᠦ ᠪᠠᠨ ᠬᠠᠶᠢᠷᠠᠯᠠᠬᠤ ᠤᠬᠠᠮᠰᠠᠷ ᠢ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠨᠢᠳᠦᠨ ᠤ ᠡᠷᠡᠭᠦᠯ ᠮᠡᠨᠳᠦ ᠶᠢ ᠤᠯᠠᠮ ᠨᠢᠭᠡ ᠠᠯᠬᠤᠮ ᠴᠢᠬᠤᠯᠠᠴᠢᠯᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠣᠯᠠᠨ ᠲᠣᠰᠬᠤᠨ ᠤ ᠠᠷᠠᠳ ᠲᠤ ᠲᠥᠬᠦᠮ ᠪᠥᠭᠡᠳ ᠪᠦᠷᠢᠨ ᠭᠦᠢᠴᠡᠳ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号