ᠰᠡᠳᠬᠢᠯ ᠢ ᠳᠤᠯᠠᠭᠠᠴᠠᠭᠤᠯᠵᠤ ᠠᠵᠢᠯᠯᠠᠭ᠎ᠠ ᠳᠤ ᠦᠢᠯᠡᠴᠢᠯᠡᠨ᠎ᠡ -- ᠵᠢᠩ ᠹᠦ᠋ ᠭᠡᠷ ᠬᠤᠷᠢᠶᠠᠯᠠᠯ ᠤᠨ ᠬᠢᠨ ᠰᠢᠯ ᠵᠦᠯᠭᠦᠬᠦ ᠵᠢᠷᠤᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/21
C:\Users\Administrator\Desktop\新闻照片\14.jpg
    ᠳᠤᠮᠳᠠᠳᠤ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠵᠢᠩ ᠹᠦ᠋ ᠭᠡᠷ ᠬᠤᠷᠢᠶᠠᠯᠠᠯ ᠤᠨ ᠰᠡᠳᠬᠢᠯ ᠢ ᠳᠤᠯᠠᠭᠠᠴᠠᠭᠤᠯᠬᠤ  ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠬᠠᠷᠢᠶᠠᠲᠤ ᠣᠷᠣᠨ ᠤ ᠪᠠᠨ ᠨᠠᠰᠤᠲᠠᠶᠢᠴᠤᠳ ᠲᠤ ᠵᠢᠷᠤᠮ ᠤᠨ ᠰᠢᠯ ᠵᠦᠯᠭᠦᠬᠦ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠶᠢ ᠬᠠᠷᠢᠶᠠᠲᠤ ᠣᠷᠣᠨ ᠤ ᠭᠠᠭᠴᠠᠭᠠᠷ ᠰᠠᠭᠤᠭ᠎ᠠ᠂ ᠬᠤᠭᠤᠰᠣᠨ ᠡᠭᠦᠷ ᠲᠠᠢ᠂ ᠵᠡᠮᠳᠡᠭ᠂ ᠲᠠᠮᠪᠠᠷᠠᠭᠰᠠᠨ ᠵᠡᠷᠭᠡ ᠣᠨᠴᠠᠭᠠᠶ ᠬᠠᠮᠲᠤᠯᠢᠭ ᠤᠨ ᠨᠠᠰᠤᠲᠠᠶᠢᠴᠤᠳ ᠲᠤ ᠴᠢᠭᠯᠡᠭᠦᠯᠦᠭᠰᠡᠨ ᠪᠠᠶᠢᠨ᠎ᠠ᠃ ᠠᠵᠢᠯᠯᠠᠭ᠎ᠠ ᠨᠢ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠬᠠᠷᠠᠮ ᠦᠭᠡᠢ ᠵᠣᠷᠢᠭᠤᠯᠬᠤ ᠤᠭ ᠰᠠᠨᠠᠭ᠎ᠠ ᠶᠢ ᠳᠠᠮᠵᠢᠭᠤᠯᠵᠤ᠂ ᠬᠠᠷᠢᠶᠠᠲᠤ ᠣᠷᠣᠨ ᠤ ᠣᠨᠴᠠᠭᠠᠢ ᠭᠡᠷ ᠪᠦᠯᠢ ᠳᠤ ᠡᠶ᠎ᠡ ᠵᠣᠬᠢᠴᠠᠩᠭᠤᠢ ᠭᠡᠷ ᠬᠤᠷᠢᠶᠠᠯᠠᠯ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠬᠦᠷᠲᠡᠭᠡᠵᠦ᠂ ᠰᠠᠶᠢᠨ ᠳᠤᠷ᠎ᠠ ᠶᠢᠨ ᠠᠵᠢᠯᠯᠠᠭᠰᠠᠳ ᠤᠨ ᠡᠷᠴᠢ ᠵᠣᠷᠢᠭ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠰᠡᠳᠬᠢᠯ ᠰᠠᠨᠠᠭ᠎ᠠ ᠪᠠᠨ ᠮᠡᠳᠡᠯᠴᠡᠭᠰᠡᠨ ᠬᠠᠮᠵᠢᠯᠴᠠᠭ᠎ᠠ ᠪᠠᠷ ᠰᠢᠯ ᠢ ᠪᠦᠬᠦᠨ ᠢ ᠴᠡᠪᠡᠷᠬᠡᠨ ᠠᠷᠴᠢᠵᠤ᠂ ᠪᠦᠬᠦᠯᠢ ᠴᠣᠭᠴᠠ ᠳᠦᠷᠰᠦ ᠪᠠᠶᠢᠳᠠᠯ ᠢ ᠰᠢᠨ᠎ᠡ ᠪᠣᠯᠤᠭᠰᠠᠨ ᠪᠠᠶᠢᠨ᠎ᠠ᠃
C:\Users\Administrator\Desktop\新闻照片\15.jpg
    ᠠᠵᠢᠯᠯᠠᠭ᠎ᠠ ᠨᠢ ᠪᠠᠭ᠎ᠠ ᠪᠣᠯᠪᠠᠴᠤ ᠬᠠᠶᠢᠷ᠎ᠠ ᠬᠠᠯᠠᠮᠵᠢ ᠨᠢ ᠶᠡᠭᠡ ᠶᠤᠮ᠃ ᠳᠠᠷᠠᠭᠠᠴᠢ ᠶᠢᠨ ᠠᠯᠬᠤᠮ ᠳᠤ ᠵᠢᠩ ᠹᠦ᠋ ᠭᠡᠷ ᠬᠤᠷᠢᠶᠠᠯᠠᠯ ᠤᠨ ᠬᠢᠨ ᠨᠠᠰᠤᠲᠠᠶᠢᠴᠤᠳ ᠲᠤ ᠦᠷᠭᠦᠯᠵᠢᠯᠡᠨ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠥᠭᠬᠦ ᠶᠢᠨ ᠬᠠᠮᠲᠤ ᠪᠠᠰᠠ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠪᠠᠶᠢᠩᠭᠤᠵᠢᠭᠤᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠳᠤ ᠦᠢᠯᠡᠴᠢᠯᠡᠬᠦ︾ ᠤᠬ ᠰᠠᠨᠠᠭ᠎ᠠ ᠶᠢ ᠦᠢᠯᠡᠳᠦᠯᠭᠡᠵᠢᠭᠦᠯᠵᠦ᠂ ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠢ ᠦᠨᠡᠨᠬᠦ ᠪᠡᠶᠡᠯᠡᠭᠦᠯᠬᠦ ᠪᠣᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号