ᠴᠢᠨᠦ ︽ᠵᠣᠭᠤᠰᠣᠨ ᠴᠦᠡᠭᠭᠦ︾᠎ ᠲᠠᠢ ᠴᠢᠨᠢ ᠬᠤᠯᠪᠣᠭᠳᠠᠨ᠎ᠠ︕ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠭᠠᠯ ᠢ ᠵᠢᠩᠬᠢᠨᠢ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2023/12/22
    ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠥᠨᠥᠳᠦᠷ ︵17᠎ ᠤ ᠡᠳᠦᠷ︶ ᠵᠢᠩᠬᠢᠨᠢ ᠪᠠᠷ ᠨᠡᠶᠢᠲᠡᠯᠡᠵᠦ᠂ ᠨᠡᠶᠢᠲᠡ 6 ᠪᠦᠯᠦᠭ 60 ᠵᠦᠢᠯ ᠢᠶᠠᠷ ᠪᠦᠷᠢᠯᠳᠦᠵᠡᠢ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠵᠢᠴᠢ ᠲᠡᠭᠦᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠴᠢᠨᠠᠬᠰᠢᠳᠠ ᠬᠠᠤᠯᠢ ᠪᠠᠷ ᠵᠠᠰᠠᠬᠤ ᠵᠠᠮ ᠳᠤ ᠣᠷᠣᠭᠤᠯᠤᠨ ᠬᠢᠨᠠᠨ ᠬᠠᠮᠢᠶᠠᠷᠬᠤ ᠪᠤᠯᠤᠨ᠎ᠠ᠃     ︽ᠲᠦᠷᠢᠮ︾᠎ ᠢ 2024 ᠣᠨ ᠤ 5 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠣᠣᠷᠠᠬᠢ ᠠᠭᠤᠯᠭ᠎ᠠ ᠶᠢ ᠭᠤᠣᠯᠳᠠᠯᠭ᠎ᠠ ᠪᠤᠯᠭᠠᠨ ᠲᠣᠭᠲᠠᠭᠠᠵᠠᠢ᠄     ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢᠨ ᠲᠣᠮᠢᠶᠠᠯᠠᠯ ᠪᠠ ᠪᠠᠶᠢᠭᠤᠯᠬᠤ ᠵᠥᠪᠰᠢᠶᠡᠷᠡᠯ ᠢ ᠲᠣᠳᠣᠷᠬᠠᠶᠢᠯᠠᠪᠠ · ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢ ᠪᠠᠩᠬᠢ ᠶᠢᠨ ᠦᠢᠯᠡᠰ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠠᠴᠠ ᠭᠠᠳᠠᠨ᠎ᠠ᠂ ᠬᠡᠷᠡᠭᠯᠡᠭᠴᠢ ᠶᠢᠨ ᠲᠤᠰᠢᠶᠠᠭᠰᠠᠨ ᠡᠯᠧᠺᠳ᠋ᠷᠣᠨ ᠲᠣᠭᠠᠴᠠᠭ᠎ᠠ ᠬᠢᠬᠦ ᠵᠠᠷᠯᠢᠭ ᠢ ᠦᠨᠳᠦᠰᠦᠯᠡᠨ ᠵᠣᠭᠤᠰ ᠰᠢᠯᠵᠢᠭᠦᠯᠬᠦ ᠪᠠᠯᠠ ᠮᠦᠡᠭᠭᠦᠨ ᠤ ᠺᠣᠮᠫᠠᠨᠢ ᠪᠠᠷ ᠲᠣᠭᠲᠠᠭᠠᠪᠠ᠃     ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢ ᠪᠠᠶᠢᠭᠤᠯᠬᠤ ᠳᠤ ᠳᠤᠮᠳᠠᠳᠤ ᠤᠯᠤᠰ ᠤᠨ ᠠᠷᠠᠳ ᠤᠨ ᠪᠠᠩᠬᠢ ᠪᠠᠷ ᠵᠥᠪᠰᠢᠶᠡᠷᠡᠭᠦᠯᠵᠦ᠂ ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠢ ᠤᠯᠬᠤ ᠬᠡᠷᠡᠭᠲᠡᠢ᠃ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢᠨ ᠨᠡᠷᠡᠶᠢᠳᠦᠯ ᠳᠡᠭᠡᠨ ︽ᠲᠣᠭᠠᠴᠠᠭ᠎ᠠ ᠬᠢᠬᠦ︾ ᠭᠡᠵᠦ ᠲᠣᠳᠣᠷᠬᠠᠶᠢᠯᠠᠬᠤ ᠬᠡᠷᠡᠭᠲᠡᠢ᠃ ᠨᠥᠬᠦᠴᠡᠯ ᠲᠣᠭᠲᠠᠭᠠᠬᠤ ᠶᠢ ᠲᠣᠳᠣᠷᠬᠠᠶᠢᠯᠠᠬᠤ ᠶᠢᠨ ᠬᠠᠮᠲᠤ ᠣᠷᠣᠬᠤ ᠶᠢ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ·     ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠨᠢ ᠪᠠᠭ᠎ᠠ ᠲᠣᠭᠠᠨ ᠤ᠂ ᠠᠷᠠᠳ ᠲᠤ ᠲᠥᠬᠦᠮ ᠦᠵᠡᠭᠦᠯᠬᠦ ᠲᠣᠭᠠᠴᠠᠭ᠎ᠠ ᠬᠢᠬᠦ ᠦᠢᠯᠡᠴᠢᠯᠡᠭᠡ ᠬᠠᠩᠭᠠᠬᠤ ᠪᠠᠷ ᠵᠣᠷᠢᠯᠲᠠ ᠪᠣᠯᠭᠠᠵᠤ᠂ ᠵᠥᠪᠰᠢᠶᠡᠷᠡᠯ ᠥᠬᠡᠶ ᠪᠠᠷ ᠬᠠᠤᠯᠢ ᠶᠣᠰᠣᠭᠠᠷ ᠵᠥᠪᠰᠢᠶᠡᠷᠡᠭᠦᠯᠬᠦ ᠴᠢᠬᠤᠯᠠᠲᠠᠶ ᠪᠤᠰᠤᠳ ᠲᠤᠬᠠᠶᠢᠯᠠᠭᠰᠠᠨ ᠠᠵᠢᠯ ᠢ ᠡᠷᠭᠢᠯᠡᠵᠦ ᠪᠣᠯᠬᠤ ᠥᠬᠡᠶ᠂ ᠢᠯᠭᠠᠷᠠᠭᠤᠯᠤᠨ ᠪᠤᠳᠤᠬᠤ ᠲᠤᠬᠠᠶᠢᠯᠠᠭᠰᠠᠨ ᠠᠵᠢᠯ ᠢ ᠡᠷᠭᠢᠯᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠡᠷᠭᠢᠯᠡᠵᠦ ᠪᠣᠯᠬᠤ ᠥᠬᠡᠶ᠃     ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠤᠨ ᠳᠦᠷᠢᠮ ᠢ ᠲᠡᠭᠦᠯᠳᠡᠷᠵᠢᠭᠦᠯᠪᠠ · ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠢ ᠬᠠᠳᠠᠭᠠᠯᠠᠮᠵᠢ ᠶᠢᠨ ᠲᠠᠩᠰᠠᠨ ᠡᠷᠦᠬᠡ ᠶᠢᠨ ᠡᠵᠡᠩᠨᠡᠯᠲᠡ ᠪᠠ ᠲᠣᠭᠠᠴᠠᠭ᠎ᠠ ᠬᠢᠬᠦ ᠠᠷᠠᠯᠵᠢᠶ᠎ᠠ ᠶᠢ ᠰᠢᠢᠳᠪᠦᠷᠢᠯᠡᠬᠦ ᠬᠤᠶᠠᠷ ᠲᠥᠷᠥᠯ ᠳᠤ ᠬᠤᠪᠢᠶᠠᠬᠤ ᠶᠢᠨ ᠬᠠᠮᠲᠤ᠂ ᠳᠤᠮᠳᠠᠳᠤ ᠤᠯᠤᠰ ᠤᠨ ᠠᠷᠠᠳ ᠤᠨ ᠪᠠᠩᠬᠢ ᠳᠤ ᠡᠷᠬᠡ ᠣᠯᠭᠤᠵᠤ ᠪᠣᠳᠠᠲᠠᠶ ᠲᠦᠷᠢᠮ ᠢ ᠲᠣᠭᠲᠠᠭᠠᠨ᠎ᠡ ᠭᠡᠪᠡ᠃ ·     ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠨᠢ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠵᠡᠷᠭᠡ ᠲᠦᠷᠢᠮ ᠢ ᠪᠦᠷᠢᠨᠰᠢᠬᠦᠯᠵᠦ᠂ ᠱᠠᠭᠠᠷᠳᠠᠯᠭ᠎ᠠ ᠳᠤ ᠨᠡᠶᠢᠴᠡᠭᠰᠡᠨ ᠲᠤᠬᠠᠶᠢᠯᠠᠭᠰᠠᠨ ᠠᠵᠢᠯ ᠤᠨ ᠰᠢᠰᠲ᠋ᠧᠮ᠂ ᠲᠦᠭᠦᠭᠡᠷᠦᠮᠵᠢ ᠪᠠ ᠮᠡᠷᠭᠡᠵᠢᠯ ᠢ ᠪᠦᠷᠢᠯᠳᠦᠭᠦᠯᠵᠦ᠂ ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠤᠨ ᠦᠷᠭᠦᠯᠵᠢᠯᠡᠭᠰᠡᠨ᠂ ᠠᠮᠤᠷ ᠲᠦᠪᠰᠢᠨ᠂ ᠮᠥᠷᠳᠡᠵᠦ ᠪᠣᠯᠬᠤᠶᠢᠴᠠ ᠡᠬᠢ ᠰᠤᠷᠪᠤᠯᠵᠢ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠲᠣᠭᠲᠠᠭᠠᠪᠠ᠃ ·     ᠲᠣᠭᠠᠴᠠᠭ᠎ᠠ ᠬᠢᠬᠦ ᠲᠠᠩᠰᠠᠨ ᠡᠷᠦᠬᠡ᠂ ᠲᠣᠭᠠᠴᠠᠭ᠎ᠠ ᠬᠢᠬᠦ ᠪᠡᠯᠡᠳᠬᠡᠯ ᠮᠥᠩᠭᠦ᠂ ᠲᠣᠭᠠᠴᠠᠭ᠎ᠠ ᠬᠢᠬᠦ ᠵᠠᠷᠯᠢᠭ ᠵᠡᠷᠭᠡ ᠬᠠᠮᠢᠶᠠᠷᠤᠯᠲᠠ ᠶᠢᠨ ᠲᠣᠭᠲᠠᠭᠠᠯ ᠢ ᠲᠣᠳᠣᠷᠬᠠᠶ ᠲᠣᠭᠲᠠᠭᠠᠵᠤ᠂ ᠲᠣᠭᠠᠴᠠᠭ᠎ᠠ ᠬᠢᠬᠦ ᠲᠠᠩᠰᠠᠨ ᠡᠷᠦᠬᠡ ᠶᠢ ᠬᠡᠷᠡᠭᠯᠡᠭᠴᠢ ᠶᠢᠨ ᠦᠨᠡᠨ ᠨᠡᠷ᠎ᠡ ᠪᠠᠷ ᠨᠢ ᠨᠡᠭᠡᠭᠡᠵᠤ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠨᠢ ᠲᠣᠭᠠᠴᠠᠭ᠎ᠠ ᠬᠢᠬᠦ ᠪᠡᠯᠡᠳᠬᠡᠯ ᠮᠥᠩᠭᠦ ᠶᠢ ᠨᠡᠭᠦᠯᠭᠡᠨ ᠬᠡᠷᠡᠭᠯᠡᠵᠦ᠂ ᠡᠵᠡᠯᠡᠨ ᠬᠡᠷᠡᠭᠯᠡᠵᠦ᠂ ᠵᠢᠭᠡᠯᠡᠨ ᠬᠡᠷᠡᠭᠯᠡᠵᠦ ᠪᠣᠯᠬᠤ ᠥᠬᠡᠶ᠂ ᠲᠣᠭᠠᠴᠠᠭ᠎ᠠ ᠬᠢᠬᠦ ᠵᠠᠷᠯᠢᠭ ᠢ ᠬᠠᠭᠤᠷᠮᠠᠭᠯᠠᠨ ᠵᠣᠬᠢᠶᠠᠵᠤ᠂ ᠬᠤᠪᠢᠷᠠᠭᠤᠯᠤᠨ ᠵᠣᠬᠢᠶᠠᠵᠤ ᠪᠣᠯᠬᠤ ᠥᠬᠡᠶ᠂ ᠪᠠᠩᠬᠢ ᠶᠢᠨ ᠪᠤᠰᠤ ᠲᠣᠭᠠᠴᠠᠭ᠎ᠠ ᠬᠢᠬᠦ ᠠᠵᠢᠯ ᠲᠥᠷᠥᠯ ᠤᠨ ᠲᠦᠭᠰᠢᠭᠦᠷᠢ ᠶᠢ ᠰᠡᠷᠭᠡᠶᠢᠯᠡᠬᠦ ᠬᠡᠷᠡᠭᠳᠡᠢ ᠭᠡᠵᠦ ᠱᠠᠭᠠᠷᠳᠠᠪᠠ᠃     ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ     ︽ᠲᠦᠷᠢᠮ︾᠎ ᠳᠤ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠨᠢ ᠬᠡᠷᠡᠭᠯᠡᠭᠴᠢ ᠲᠠᠢ ᠲᠣᠭᠠᠴᠠᠭ᠎ᠠ ᠬᠢᠬᠦ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠲᠡᠭᠦᠨ ᠤ ᠵᠦᠢᠯ ᠵᠤᠷᠪᠤᠰ ᠢ ᠲᠥᠪ ᠭᠤᠤᠯᠴᠢ ᠪᠠᠶᠢᠬᠤ ᠵᠠᠷᠴᠢᠮ ᠶᠣᠰᠣᠭᠠᠷ ᠲᠤᠭᠤᠷᠪᠢᠨ ᠲᠣᠭᠲᠠᠭᠠᠬᠤ ᠬᠡᠷᠡᠭᠲᠡᠶ ᠭᠡᠵᠦ ᠲᠤᠬᠳᠠᠭᠠᠵᠠᠢ᠃     ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ     ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠨᠢ ᠨᠠᠮ ᠪᠠ ᠤᠯᠤᠰ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠪᠠᠷ ᠭᠤᠤᠯᠯᠠᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠭᠤᠤᠯᠴᠢ ᠥᠷᠢᠰᠥᠯᠳᠦᠭᠡᠨ ᠤ ᠡᠮᠬᠢ ᠵᠢᠷᠤᠮ ᠢ ᠬᠠᠮᠠᠭᠠᠯᠠᠬᠤ ᠬᠡᠷᠡᠭᠲᠡᠶ ᠭᠡᠵᠦ ᠲᠣᠭᠲᠠᠭᠠᠪᠠ᠃ ︽ᠲᠦᠷᠢᠮ︾᠎ ᠳᠤ ᠪᠠᠰᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠶᠢ ᠲᠣᠭᠲᠠᠭᠠᠵᠠᠢ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号