1 — 11 ᠳ᠋ᠦᠭᠡᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 14% ᠨᠡᠮᠡᠭᠳᠡᠪᠡ᠃ ᠭᠤᠷᠪᠠᠨ ᠶᠡᠭᠡ ᠬᠦᠷᠢᠶᠡᠨ ᠠᠴᠠ ᠦᠵᠡᠪᠡᠯ᠂ ᠰᠠᠭᠤᠷᠢ | ᠲᠥᠬᠦᠭᠡᠷᠦᠮᠵᠢ ᠠᠳᠠᠯᠢ ᠬᠤᠭᠤᠴᠠᠭᠠᠨ ᠤ ᠬᠢ ᠠᠴᠠ 10.08% ᠪᠠᠷ ᠨᠡᠮᠡᠭᠳᠡᠵᠦ᠂ ᠪᠥᠬᠦ ᠪᠠᠯᠠ | ᠣᠷᠣᠭᠤᠯᠤᠯᠲᠠ ᠶᠢᠨ 7.49% ᠶᠢ ᠡᠵᠡᠯᠡᠪᠡ︔ ᠠᠷᠠᠳ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 31.29% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 83.95% ᠶᠢ | ᠡᠵᠡᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 22.8 ᠵᠠᠭᠤᠨ ᠤ ᠨᠢᠭᠡᠴᠢ ᠳᠠᠶᠢᠴᠢᠯᠠᠪᠠ︔ ᠬᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠶᠡᠯᠡᠭᠦᠯᠦᠭᠰᠡᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 36.41% ᠪᠠᠷ ᠪᠠᠭᠤᠷᠠᠪᠠ᠃ | ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ | 1-11 ᠰᠠᠷ᠎ᠠ ᠳᠤ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 45.11% ᠪᠠᠷ | ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢᠨ 0.3% ᠶᠢ ᠡᠵᠡᠯᠡᠪᠡ︔ ᠬᠤᠶᠠᠳᠤᠭᠠᠷ ᠠᠵᠤ ᠦᠢᠯᠡᠰ ᠠᠳᠠᠯᠢ | ᠬᠤᠭᠤᠴᠠᠭᠠᠨ ᠤ ᠬᠢ ᠠᠴᠠ 46.03% ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 73.68% ᠶᠢ | ᠡᠵᠡᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 26.5 ᠵᠠᠭᠤᠨ ᠤ ᠨᠢᠭᠡᠴᠢ ᠳᠠᠶᠢᠴᠢᠯᠠᠪᠠ︔ | ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 29.1% ᠪᠠᠷ ᠪᠠᠭᠤᠷᠠᠵᠤ᠂ ᠪᠥᠬᠦ ᠪᠠᠯᠠ | ᠣᠷᠣᠭᠤᠯᠤᠯᠲᠠ ᠶᠢᠨ 26.02% ᠢ ᠡᠵᠡᠯᠡᠪᠡ᠃ | ᠲᠣᠮᠣ ᠵᠦᠢᠯᠡᠰ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠠᠶᠢᠨ᠎ᠠ | 1 — 11 ᠳ᠋ᠦᠭᠡᠷ ᠰᠠᠷ᠎ᠠ ᠳᠤ᠂ ᠪᠥᠬᠦ ᠲᠣᠭᠤᠷᠢᠭ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠥᠲᠥᠭᠡᠨ ᠪᠠᠶᠢᠭᠤᠯᠤᠯᠲᠠ ᠶᠢᠨ ᠵᠦᠢᠯᠡᠰ 89 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19.52% ᠢᠶᠠᠷ | ᠨᠡᠮᠡᠭᠳᠡᠨ᠂ ᠭᠤᠤᠯᠳᠠᠯᠭ᠎ᠠ ᠲᠠᠢ ᠵᠦᠢᠯᠡᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠮᠣ | ᠵᠦᠢᠯᠡᠰ ᠨᠢ ᠪᠥᠬᠦ ᠲᠣᠭᠤᠷᠢᠭ ᠤᠨ ᠪᠠᠯᠠ ᠣᠷᠣᠭᠤᠯᠤᠯᠲᠠ ᠶᠢᠨ ᠨᠡᠮᠡᠭᠳᠡᠯ ᠢ ᠬᠦᠴᠦᠲᠡᠶ ᠲᠤᠯᠭᠠᠭᠤᠷᠢᠯᠠᠭᠰᠠᠨ ᠪᠠᠶᠢᠨ᠎ᠠ | ᠃ | ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠶᠢ ᠲᠠᠰᠤᠷᠠᠯᠲᠠ ᠥᠬᠡᠶ | 1-11 ᠰᠠᠷ᠎ᠠ ᠳᠤ᠂ ᠳᠡᠭᠡᠳᠦ ᠮᠡᠷᠭᠡᠵᠢᠯ ᠤᠨ ᠠᠵᠤ ᠦᠢᠯᠡᠰ 36.24% ᠪᠠᠷ ᠨᠡᠮᠡᠭᠳᠡᠵᠦ᠂ ᠪᠦᠬᠦ ᠪᠡᠯᠡ | ᠣᠷᠣᠭᠤᠯᠤᠯᠲᠠ ᠶᠢᠨ 58.83% ᠶᠢ ᠡᠵᠡᠯᠡᠵᠦ᠂ ᠲᠤᠮᠤ ᠴᠣ᠋ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠳᠠᠬᠢ ᠲᠠᠲᠠᠬᠤ ᠬᠦᠴᠦᠨ ᠨᠡᠯᠢᠶᠡᠳ ᠴᠢᠩᠭ᠎ᠠ ᠪᠣᠯᠵᠠᠶ᠃ | |