ᠣᠶᠢᠷ᠎ᠠ ᠳᠤ᠂ ᠪᠡᠭᠡᠵᠢᠩ ᠶᠡᠭᠡ ᠰᠤᠷᠭᠠᠭᠤᠯᠢ ᠶᠢᠨ ᠰᠣᠨᠢᠨ ︽ᠬᠢᠷᠢ ᠪᠦᠲᠦᠮᠵᠢ ᠶᠢᠨ ᠲᠡᠭᠰᠢᠳᠭᠡᠯ ᠬᠤᠪᠢ ᠶᠢ | ᠲᠠᠶᠠᠭᠳᠠᠶᠠ — ᠬᠢᠷᠢ ᠪᠦᠲᠦᠮᠵᠢ ᠶᠢ ᠦᠨᠡᠯᠡᠨ ᠲᠣᠭᠲᠠᠭᠠᠬᠤ ᠥᠭᠡᠷᠡᠴᠢᠯᠡᠯᠲᠡ ︿ᠠᠮᠢ ᠨᠠᠰᠤᠨ ᠤ ᠰᠢᠨᠵᠢᠯᠡᠬᠦ | ᠤᠬᠠᠭᠠᠨ ᠤ ᠰᠠᠯᠠᠭ᠎ᠠ﹀︾ ᠳᠤ ᠶᠠᠪᠤᠭᠳᠠᠪᠠ︾ ᠭᠡᠬᠦ ᠵᠣᠬᠢᠶᠠᠯ ᠨᠡᠶᠢᠲᠡᠯᠡᠵᠦ᠂ ᠰᠤᠷᠭᠠᠭᠤᠯᠢ ᠶᠢᠨ ᠬᠢᠷᠢ ᠪᠦᠲᠦᠮᠵᠢ ᠶᠢ | ᠦᠨᠡᠯᠡᠨ ᠲᠣᠭᠲᠠᠭᠠᠬᠤ ᠥᠭᠡᠷᠡᠴᠢᠯᠡᠯᠲᠡ ᠶᠢ ᠬᠢᠵᠦ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ | ᠬᠢᠭᠰᠡᠨ ᠢ ᠲᠤᠰᠬᠠᠬᠰᠠᠨ ᠢᠶᠠᠷ ᠲᠣᠰ ᠠᠵᠢᠯᠯᠠᠭ᠎ᠠ ᠨᠢ ᠥᠷᠭᠡᠨ ᠳᠡᠯᠭᠡᠷ ᠬᠠᠯᠠᠭᠤᠨ ᠶᠠᠷᠢᠯᠴᠠᠭ᠎ᠠ ᠪᠣᠯᠪᠠ᠃ | ᠰᠤᠷᠤᠯᠭ᠎ᠠ ᠶᠢᠨ ᠬᠢᠨᠠᠨ ᠰᠢᠯᠭᠠᠯᠲᠠ ᠶᠢᠨ ᠬᠦᠨᠳᠦ ᠳᠠᠷᠤᠯᠲᠠ ᠳᠤᠤᠷ᠎ᠠ᠂ ᠵᠠᠷᠢᠮ ᠰᠣᠷᠣᠭᠴᠢ ᠶᠡᠷᠦᠩᠬᠡᠶ ᠬᠢᠷᠢ | ᠪᠦᠲᠦᠮᠵᠢ ᠪᠠᠨ ᠨᠢᠭᠡ ᠬᠤᠶᠠᠷ ᠬᠤᠪᠢ ᠳᠡᠭᠡᠭᠰᠢᠯᠡᠭᠦᠯᠬᠦ ᠶᠢᠨ ᠲᠥᠯᠥᠭᠡ ᠶᠡᠭᠡ ᠬᠡᠮᠵᠢᠶᠡᠨ ᠤ ᠴᠠᠭ ᠵᠠᠷᠤᠴᠠᠭᠤᠯᠵᠤ | ᠪᠠᠶᠢᠨ᠎ᠠ᠃ ᠣᠳᠣᠬᠢ ᠡᠨᠡ ᠬᠦ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠪᠡᠭᠡᠵᠢᠩ ᠶᠡᠭᠡ ᠰᠤᠷᠭᠠᠭᠤᠯᠢ ᠶᠢᠨ | ᠠᠮᠢ ᠨᠠᠰᠤᠨ ᠤ ᠰᠢᠨᠵᠢᠯᠡᠬᠦ ᠤᠬᠠᠭᠠᠨ ᠤ ᠲᠡᠭᠡᠳᠦ ᠰᠤᠷᠭᠠᠭᠤᠯᠢ ᠲᠤᠷᠰᠢᠯᠲᠠ ᠬᠢᠵᠦ᠂ GPA ᠶᠢᠨ ᠨᠡᠷᠡᠰ ᠤᠨ | ᠵᠢᠭᠰᠠᠭᠠᠯᠲᠠ ᠶᠢ ᠲᠠᠶᠠᠭᠳᠠᠵᠤ᠂ ︽ᠵᠡᠷᠭᠡ ᠳᠡᠰ ᠤᠨ ᠲᠦᠷᠢᠮ︾ ᠤᠨ ᠬᠢᠨᠠᠨ ᠰᠢᠯᠭᠠᠵᠤ ᠦᠨᠡᠯᠡᠨ ᠲᠣᠭᠲᠠᠭᠠᠬᠤ | ᠠᠷᠭ᠎ᠠ ᠮᠠᠶ᠋ᠢᠭ ᠢ ᠬᠡᠷᠡᠭᠵᠢᠭᠦᠯᠪᠡ᠃ | GPA ︵GradePoint Average︶ ᠭᠡᠳᠡᠭ ︽ᠲᠡᠭᠰᠢᠳᠭᠡᠯ ᠬᠢᠷᠢ ᠪᠦᠲᠦᠮᠵᠢ ᠶᠢᠨ ᠬᠤᠪᠢ︾ | ᠨᠢ ᠣᠳᠣᠬᠠᠨ ᠤ ᠤᠯᠤᠰ ᠤᠨ ᠳᠣᠲᠣᠭᠠᠳᠤ ᠶᠢᠨ ᠶᠡᠭᠡ ᠰᠤᠷᠭᠠᠭᠤᠯᠢ ᠶᠢᠨ ᠰᠤᠷᠤᠭᠴᠢᠳ ᠢ ᠦᠨᠡᠯᠡᠬᠦ | ᠵᠠᠩᠭᠢᠯᠠᠭ᠎ᠠ ᠶᠢᠨ ᠬᠦᠢᠴᠡᠳᠬᠡᠯ ᠲᠤᠭ᠎ᠠ ᠪᠣᠯᠤᠨ᠎ᠠ᠃ | ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠤᠨ ᠠᠯᠪᠠᠨ ᠲᠠᠯ᠎ᠠ ᠶᠢᠨ ᠨᠡᠶᠢᠲᠡ ᠶᠢᠨ ᠳ᠋ᠤᠭᠠᠷ ᠤᠨ | ︽ᠨᠡᠶᠢᠰᠯᠡᠯ ᠤᠨ ᠰᠤᠷᠭᠠᠨ ᠬᠥᠮᠦᠵᠢᠯ︾ ᠤᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠶᠢᠨ ᠵᠢᠯ ᠤᠳ ᠲᠤ᠂ ᠬᠡᠰᠡᠭ | ᠶᠡᠭᠡ ᠳᠡᠭᠡᠳᠦ ᠰᠤᠷᠭᠠᠭᠤᠯᠢ ᠨᠢ ᠲᠡᠭᠰᠢᠳᠭᠡᠯ ᠬᠢᠷᠢ ᠪᠦᠲᠦᠮᠵᠢ ᠶᠢᠨ ᠬᠤᠪᠢ ᠶᠢ ᠬᠦᠴᠦᠨ ᠦᠭᠡᠶ ᠪᠣᠯᠭᠠᠵᠤ᠂ ᠵᠡᠷᠭᠡ | ᠳᠡᠰ ᠤᠨ ᠳᠦᠷᠢᠮ ᠤᠨ ᠬᠢᠷᠢ ᠪᠦᠲᠦᠮᠵᠢ ᠶᠢ ᠦᠨᠡᠯᠡᠨ ᠲᠣᠭᠲᠠᠭᠠᠬᠤ ᠥᠭᠡᠷᠡᠴᠢᠯᠡᠯᠲᠡ ᠬᠢᠬᠦ ᠪᠠᠷ ᠲᠤᠷᠰᠢᠵᠤ | ᠡᠬᠢᠯᠡᠵᠡᠶ᠂ ᠲᠤᠬᠠᠶᠢᠯᠠᠪᠠᠯ A᠂ B᠂ C᠂ D᠂ F ᠵᠡᠷᠭᠡ ᠴᠠᠭᠠᠨ ᠲᠣᠯᠣᠭᠠᠶ ᠪᠠᠷ ᠰᠤᠷᠤᠭᠴᠢᠳ ᠤᠨ ᠬᠢᠷᠢ | ᠪᠦᠲᠦᠮᠵᠢ ᠶᠢ ᠢᠯᠡᠳᠬᠡᠵᠦ ᠪᠤᠢ᠂ ᠵᠠᠭᠤᠨ ᠬᠤᠪᠢ ᠶᠢᠨ ᠲᠦᠷᠢᠮ ᠪᠤᠶᠤ ᠲᠡᠭᠰᠢᠳᠭᠡᠯ ᠬᠢᠷᠢ ᠪᠦᠲᠦᠮᠵᠢ ᠶᠢᠨ | ᠬᠤᠪᠢ ᠶᠢᠨ ᠳᠦᠷᠢᠮ ᠢ ᠬᠡᠷᠡᠭᠯᠡᠬᠦ ᠪᠠᠨ ᠪᠤᠯᠢᠵᠠᠶ᠃ | GPA ᠶᠢ ᠲᠠᠶᠠᠬᠳᠠᠬᠤ ᠨᠢ ᠨᠡᠩ ᠤᠯᠠᠨ ᠴᠠᠭ ᠠᠷᠪᠢᠯᠠᠨ ᠭᠠᠷᠭᠠᠵᠤ ᠰᠤᠷᠤᠭᠴᠢᠳ ᠤᠨ ᠬᠡᠪ ᠴᠢᠨᠠᠷ ᠢ ᠨᠢ | ᠲᠡᠭᠡᠭᠰᠢᠯᠡᠭᠦᠯᠬᠦ ᠶᠢᠨ ᠲᠥᠯᠥᠭᠡ ᠶᠤᠮ | ᠵᠡᠷᠭᠡ ᠳᠡᠰ ᠤᠨ ᠲᠦᠷᠢᠮ ᠢ ᠬᠡᠷᠡᠭᠵᠢᠭᠦᠯᠬᠦ ᠠᠴᠠ ᠡᠮᠦᠨ᠎ᠡ᠂ ᠪᠡᠭᠡᠵᠢᠩ ᠶᠡᠭᠡ ᠰᠤᠷᠭᠠᠭᠤᠯᠢ ᠶᠢᠨ ᠠᠮᠢ ᠨᠠᠰᠤᠨ ᠤ | ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠰᠤᠷᠤᠭᠴᠢᠳ ᠢ 3 ᠤᠳᠠᠭ᠎ᠠ ᠵᠣᠬᠢᠶᠠᠨ ᠪᠠᠶᠢᠭᠤᠯᠵᠤ | ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠨ ᠰᠤᠳᠤᠯᠤᠯᠲᠠ ᠬᠢᠭᠰᠡᠨ ᠦᠷ᠎ᠡ ᠳ᠋ᠦᠩ ᠠᠴᠠ ᠦᠵᠡᠪᠡᠯ᠂ | ᠳᠡᠮᠵᠢᠯᠭᠡ ᠶᠢᠨ ᠬᠡᠮᠵᠢᠶ᠎ᠡ ᠨᠢ 88% ᠳᠤ ᠬᠦᠷᠴᠡᠶ᠃ | ᠪᠡᠭᠡᠵᠢᠩ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠳᠡᠳ᠋ | ᠵᠠᠬᠢᠷᠤᠯ ᠸᠠᠩ ᠱᠢ ᠴᠢᠶᠠᠩ ᠬᠡᠯᠡᠬᠦ ᠳᠡᠭᠡᠨ᠂ ︽ᠨᠢᠭᠡ ᠲᠥᠷᠥᠯ ᠤᠨ ᠬᠢᠴᠢᠶᠡᠯ ᠳᠤ ᠬᠡᠷᠪᠡ 85 ᠬᠤᠪᠢ ᠠᠴᠠ | ᠳᠡᠭᠡᠭᠰᠢ ᠰᠢᠯᠭᠠᠵᠤ ᠲᠡᠶᠢᠯᠪᠡᠯ᠂ ᠪᠢᠳᠡᠨ ᠤ ᠦᠵᠡᠬᠦ ᠪᠠᠷ ᠮᠡᠳᠡᠯᠭᠡ ᠡᠵᠡᠮᠰᠢᠭᠰᠡᠨ ᠲᠠᠯ᠎ᠠ ᠪᠠᠷ ᠨᠢᠭᠡᠨᠲᠡ | ᠬᠦᠷᠦᠯᠴᠡᠬᠦ᠋ᠢᠴᠡ ᠰᠠᠶᠢᠨ ᠪᠣᠯᠵᠠᠶ᠂ ᠵᠠᠪᠠᠯ ᠶᠡᠭᠡ ᠬᠦᠴᠦ ᠣᠷᠣᠭᠤᠯᠵᠤ ᠪᠠᠶᠢᠭᠠᠳ 95 ᠬᠤᠪᠢ ᠠᠴᠠ ᠳᠡᠭᠡᠭᠰᠢ | ᠬᠤᠪᠢ ᠤᠯᠬᠤ ᠬᠡᠰᠡᠨ ᠴᠢᠬᠤᠯᠠ ᠥᠬᠡᠶ︾ ᠭᠡᠪᠡ᠃ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ | ᠰᠤᠷᠭᠠᠭᠤᠯᠢ ᠨᠢ ᠵᠢᠩᠬᠢᠨᠢ ᠠᠩᠭᠢ ᠶᠢᠨ ᠰᠣᠷᠣᠭᠴᠢ ᠳᠤ ᠵᠡᠷᠭᠡ ᠳᠡᠰ ᠤᠨ ᠲᠦᠷᠢᠮ ᠢ ᠬᠡᠷᠡᠭᠵᠢᠭᠦᠯᠵᠦ᠂ GPA ᠶᠢ | ᠲᠠᠶᠠᠭᠳᠠᠬᠰᠠᠨ ᠤ ᠵᠣᠷᠢᠯᠭ᠎ᠠ ᠨᠢ ᠨᠡᠩ ᠤᠯᠠᠨ ᠴᠠᠭ ᠠᠷᠪᠢᠯᠠᠨ ᠭᠠᠷᠭᠠᠵᠤ ᠰᠤᠷᠤᠭᠴᠢᠳ ᠤᠨ ᠬᠡᠪ ᠴᠢᠨᠠᠷ ᠢ ᠨᠢ | ᠳᠡᠭᠡᠭᠰᠢᠯᠡᠭᠦᠯᠬᠦ ᠶᠢᠨ ᠲᠥᠯᠥᠭᠡ ᠶᠤᠮ᠃ | |