ᠰᠠᠶᠢᠨ ᠳᠤᠷ᠎ᠠ ᠶᠢᠨ ᠦᠢᠯᠡᠴᠢᠯᠡᠭᠡ ᠶᠢ ᠭᠡᠷ ᠲᠤ ᠣᠷᠣᠭᠤᠯᠵᠤ᠂ ᠴᠡᠪᠡᠷᠯᠡᠭᠡ ᠬᠢᠵᠤ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/12/26
C:\Users\Administrator\Desktop\新闻照片\22.jpg
    ᠣᠶᠢᠷ᠎ᠠ ᠳᠤ᠂ ᠵᠠᠷᠢᠮ ᠰᠠᠭᠤᠭᠠᠯᠢ ᠠᠷᠠᠳ ᠤᠨ ᠬᠡᠯᠡᠬᠦ ᠪᠠᠷ᠂ ᠵᠡᠷᠭᠡᠯᠡᠳᠡᠭᠡ ᠠᠶᠢᠯ ᠤᠨ ᠬᠢᠨ ᠬᠤᠭ ᠨᠣᠪᠰᠢ ᠪᠠᠷ ᠳᠦᠭᠦᠷᠦᠭᠡᠳ᠂ ᠬᠡᠷ ᠨᠢ ︽ᠬᠤᠭ ᠨᠣᠪᠰᠢ ᠶᠢᠨ ᠲᠠᠯᠠᠪᠤᠷ︾ ᠪᠣᠯᠪᠠ᠃ ᠪᠦᠬᠦ ᠠᠰᠠᠷ ᠤᠨ ᠴᠡᠪᠡᠷ ᠲᠡᠭᠰᠢ ᠪᠠᠶᠢᠬᠤ ᠶᠢ ᠨᠥᠯᠥᠭᠡᠯᠡᠬᠦ ᠪᠠᠷ ᠪᠠᠷᠠᠬᠤ ᠥᠬᠡᠶ᠂ ᠪᠠᠰᠠ ᠯᠤᠲᠤ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃     ᠭᠡᠷ ᠬᠤᠷᠢᠶᠠᠯᠠᠯ ᠤᠨ ᠠᠵᠢᠯᠲᠠᠳ ᠰᠤᠷᠪᠤᠯᠵᠢᠯᠠᠬᠤ ᠪᠠᠷ ᠳᠠᠮᠵᠢᠭᠠᠳ ᠣᠯᠵᠤ ᠮᠡᠳᠡᠭᠰᠡᠨ ᠨᠢ᠂ ᠸᠠᠩ ᠨᠠᠰᠤᠲᠠᠨ ︵ᠪᠤᠷᠤᠭᠤᠯᠠᠭᠰᠠᠨ ᠨᠡᠷ᠎ᠡ︶ ᠪᠣᠯ ᠨᠢᠭᠡᠨ ᠭᠠᠨᠢ ᠨᠠᠰᠤᠲᠠᠨ ᠮᠥᠨ᠂ ᠡᠩ ᠤᠨ ᠴᠠᠭ ᠲᠤ ᠬᠠᠶᠠᠭᠳᠠᠮᠠᠯ ᠡᠳ᠋ ᠲᠡᠭᠦᠬᠦ ᠳᠤ ᠰᠢᠨᠤᠭᠰᠠᠨ ᠬᠥᠮᠦᠨ ᠶᠤᠮ᠃ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠴᠢᠩᠭ᠎ᠠ ᠪᠣᠯᠬᠤᠷ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠶᠢᠨ ᠠᠷᠭ᠎ᠠ ᠦᠭᠡᠶ ᠪᠣᠯᠵᠤ᠂ ᠬᠤᠭ ᠨᠣᠪᠰᠢ ᠶᠢ ᠭᠡᠷ ᠲᠡᠭᠡᠨ ᠲᠠᠯᠪᠢᠬᠤ ᠯᠠ ᠬᠡᠷᠡᠭ ᠪᠣᠯᠵᠠᠶ᠃ ᠣᠳᠣᠬᠠᠨ ᠳᠤ ᠬᠤᠭ ᠨᠣᠪᠰᠢ ᠶᠢ ᠣᠪᠣᠭᠠᠯᠠᠵᠤ ᠨᠢᠭᠡᠨᠲᠡ ᠨᠢᠭᠡ ᠬᠥᠮᠦᠨ ᠥᠨᠳᠥᠷ ᠪᠣᠯᠵᠠᠶ᠃ ᠰᠢᠩ ᠶᠤᠸᠠᠨ ᠭᠡᠷ ᠬᠤᠷᠢᠶᠠᠯᠠᠯ ᠤᠨ ︽ᠰᠢᠩ ᠶᠤᠸᠠᠨ ᠨᠡᠷᠡᠮᠵᠢᠲᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠨ ᠤ ᠳᠤᠮᠳᠠ ᠢᠷᠡᠵᠦ᠂ ᠠᠵᠢᠯ ᠬᠤᠪᠢᠶᠠᠷᠢᠯᠠᠨ ᠬᠠᠮᠵᠢᠯᠴᠠᠵᠤ᠂ ᠬᠤᠭ ᠨᠣᠪᠰᠢ ᠶᠢ ᠤᠭᠤᠲᠠᠨ ᠳᠤ ᠰᠠᠪᠠᠯᠠᠨ ᠵᠥᠭᠡᠭᠡᠪᠦᠷᠢᠯᠡᠵᠦ᠂ ᠳᠠᠬᠢᠨ ᠪᠠᠷᠠᠭᠠᠨ ᠤ ᠲᠡᠷᠭᠡ ᠪᠠᠷ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ ᠳᠤ ᠠᠪᠠᠴᠢᠵᠤ ᠨᠠᠰᠤᠲᠠᠨ ᠢ ᠬᠠᠪᠰᠤᠷᠤᠨ ᠬᠤᠳᠠᠯᠳᠤᠵᠤ ᠥᠭᠪᠡ᠃
C:\Users\Administrator\Desktop\新闻照片\23.jpg
    ᠨᠢᠭᠡ ᠡᠳᠦᠷ ᠤᠨ ᠴᠡᠪᠡᠷᠯᠡᠨ ᠠᠷᠢᠯᠭᠠᠬᠤ ᠠᠵᠢᠯ ᠢᠶᠠᠷ ᠳᠡᠮᠵᠢᠨ᠂ ᠬᠡᠷ ᠳᠣᠲᠣᠷᠠᠬᠢ ᠬᠤᠭ ᠨᠣᠪᠰᠢ ᠶᠢ ᠲᠦᠢᠯᠪᠤᠷᠢᠲᠠᠶ ᠴᠡᠪᠡᠷᠯᠡᠨ ᠠᠷᠢᠯᠭᠠᠪᠠ᠃ ᠳᠠᠷᠠᠭ᠎ᠠ ᠨᠢ ᠭᠡᠷ ᠳᠣᠲᠣᠷᠠᠬᠢ ᠶᠢ ᠪᠦᠬᠦᠯᠢ ᠴᠣᠭᠴᠠ ᠪᠠᠷ ᠨᠢ ᠠᠷᠢᠭᠤᠳᠬᠠᠬᠤ ᠶᠢᠨ ᠬᠠᠮᠲᠤ ᠪᠠᠰᠠ ᠠᠰᠠᠷ ᠤᠨ ᠬᠤᠩᠭᠢᠯ ᠤᠨ ᠳᠣᠲᠣᠷᠠᠬᠢ ᠪᠣᠬᠢᠷ ᠪᠣᠳᠠᠰ ᠢ  ᠴᠡᠪᠡᠷᠯᠡᠪᠡ᠃ ᠡᠨᠡ ᠤᠳᠠᠭᠠᠨ ᠤ ᠴᠡᠪᠡᠷᠯᠡᠯᠲᠡ ᠨᠢ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠵᠤ᠂ ᠠᠰᠠᠷ ᠲᠠᠭᠲᠤ ᠶᠢ ᠴᠤ ᠥᠩᠭᠡᠷᠡᠭᠰᠡᠨ ᠤ ᠴᠡᠪᠡᠷ ᠴᠡᠮᠴᠡᠭᠡᠷ ᠪᠠᠶᠢᠳᠠᠯ ᠢ ᠨᠢ ᠰᠡᠷᠭᠦᠭᠡᠵᠡᠶ᠃
C:\Users\Administrator\Desktop\新闻照片\24.jpg
    ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠢᠭᠡ ᠲᠠᠯ᠎ᠠ ᠪᠠᠷ ᠬᠠᠷᠢᠶᠠᠲᠤ ᠣᠷᠣᠨ ᠤ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠬᠦ ᠪᠠᠷ ᠳᠠᠮᠵᠢᠭᠤᠯᠤᠨ ᠲᠡᠳᠡᠨ ᠤ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠨᠥᠭᠦᠭᠡ ᠲᠠᠯ᠎ᠠ ᠪᠠᠷ ᠪᠣᠳᠠᠲᠤ ᠠᠵᠢᠯᠯᠠᠭ᠎ᠠ ᠪᠠᠷ ᠢᠶᠠᠨ ︽ᠬᠠᠷᠠᠮ ᠥᠬᠡᠶ ᠵᠢᠳᠬᠦᠬᠦ᠂ ᠨᠥᠬᠦᠷᠰᠡᠭ ᠬᠠᠨᠳᠤᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号